ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢᠨ ᠳᠣᠯᠣᠳᠤᠭᠠᠷ ᠪᠦᠯᠦᠭ ᠤᠨ | ᠨᠡᠷᠡᠰ ᠢ ᠨᠡᠶᠢᠲᠡᠯᠡᠵᠦ᠂ ᠪᠤᠭᠤᠲᠤ ᠬᠤᠲᠠ ᠶᠢᠨ ᠲᠠᠨᠢᠯᠴᠠᠭᠤᠯᠤᠭᠰᠠᠨ ᠪᠤᠭᠤᠲᠤ ᠬᠤᠲᠠ ᠶᠢᠨ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠤᠯᠤᠭᠠᠨ ᠦᠪᠯᠡᠨ ᠤᠯᠠᠮᠵᠢᠯᠠᠭᠴᠢ ᠶᠢ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ | ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠪᠠᠷ ᠲᠣᠭᠲᠠᠭᠠᠪᠠ᠃ | ᠡᠨᠡ ᠲᠤᠯᠤᠭᠠᠨ ᠦᠪᠯᠡᠨ ᠤᠯᠠᠮᠵᠢᠯᠠᠭᠴᠢ ᠶᠢᠨ ᠦᠪᠯᠡᠨ ᠵᠠᠯᠭᠠᠮᠵᠢᠯᠠᠬᠤ ᠤᠷ᠎ᠠ ᠮᠡᠷᠭᠡᠵᠢᠯ ᠳᠤ ᠤᠯᠠᠮᠵᠢᠯᠠᠯᠲᠤ | ᠳᠠᠭᠤᠤ ᠬᠥᠭᠵᠢᠮ᠂ ᠤᠯᠠᠮᠵᠢᠯᠠᠯᠲᠤ ᠰᠢ ᠵᠦᠴᠦᠭᠡ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠤᠷ᠎ᠠ | ᠮᠡᠷᠭᠡᠵᠢᠯ᠂ ᠵᠠᠩ ᠦᠶᠯᠡ ᠵᠡᠷᠭᠡ ᠲᠠᠪᠤᠨ ᠲᠥᠷᠥᠯ ᠪᠠᠭᠲᠠᠵᠤ᠂ ᠠᠷᠠᠳ ᠤᠨ ᠦᠯᠢᠶᠡᠨ ᠳᠡᠯᠡᠳᠬᠦ ᠬᠥᠭᠵᠢᠮ᠂ ᠡᠯ | ᠷᠧᠨ ᠲᠠᠢ ᠵᠦᠴᠦᠭᠡ᠂ ᠪᠤᠭᠤᠲᠤ ᠶᠢᠨ ᠴᠠᠭᠠᠰᠤᠨ ᠬᠠᠶᠢᠴᠢᠯᠠᠮᠠᠯ᠂ ᠵᠢᠮᠢᠰ ᠤᠨ ᠶᠠᠰᠤᠨ ᠰᠡᠶᠢᠯᠦᠮᠡᠯ᠂ ᠢᠯᠢᠭᠦᠷ | ᠵᠢᠷᠤᠭ᠂ ᠣᠯᠣᠰᠣᠨ ᠰᠢᠬᠢᠷ ᠬᠢᠬᠦ᠂ ᠮᠣᠩᠭᠤᠯ ᠦᠨᠳᠦᠰᠦᠲᠡᠨ ᠤ ᠵᠢᠯ ᠤᠨ ᠵᠠᠩ ᠦᠶᠯᠡ ᠵᠡᠷᠭᠡ ᠨᠡᠶᠢᠲᠡ ᠲᠤᠯᠤᠭᠠᠨ | ᠲᠥᠷᠥᠯ ᠪᠣᠶ᠃ ᠣᠳᠣᠬᠠᠨ ᠳᠤ᠂ ᠪᠤᠭᠤᠲᠤ ᠬᠤᠲᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ | ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ ᠤᠨ ᠲᠦᠯᠦᠭᠡᠯᠡᠬᠦ ᠴᠢᠨᠠᠷᠲᠠᠢ ᠦᠪᠯᠡᠨ | ᠤᠯᠠᠮᠵᠢᠯᠠᠭᠴᠢ 46 ᠬᠦᠮᠦᠨ ᠪᠣᠯᠪᠠ᠃ |