ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ ᠴᠣᠯᠠᠯᠠᠭᠳᠠᠪᠠ
ᠨᠡᠶᠢᠲᠡᠯᠡᠭᠰᠡᠨ ᠴᠠᠭ᠄
2021/3/30
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠬᠦᠯᠬᠦ ᠰᠠᠭᠤᠷᠢᠨ ᠭᠠᠵᠠᠷ︾ ᠤᠨ ᠢᠷᠠᠭᠤ ᠠᠯᠳᠠᠷ ᠤᠨ ᠴᠣᠯᠠ ᠣᠯᠭᠤᠪᠠ᠃      ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ ᠪᠣᠯᠤᠨ᠎ᠠ᠂ 2018 ᠣᠨ ᠠᠴᠠ ᠡᠬᠢᠯᠡᠨ᠂ ᠪᠣᠳᠠᠰ ᠤᠨ ᠪᠤᠰᠤ ᠰᠣᠶᠣᠯ  ᠤᠨ ᠥᠪ ᠤᠨ ᠤᠷ᠎ᠠ ᠮᠡᠷᠭᠡᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ᠂ ᠰᠢᠯᠢᠳᠡᠭ ᠰᠣᠶᠣᠯ ᠢ ᠪᠠᠳᠠᠷᠠᠭᠤᠯᠬᠤ ᠪᠠᠷ ᠵᠣᠷᠢᠯᠲᠠ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠶᠯᠡᠴᠢᠯᠡᠭᠡᠨ ᠤ ᠲᠠᠪᠴᠠᠩ — ᠤᠯᠠᠮᠵᠢᠯᠠᠯᠲᠤ ᠭᠠᠷ ᠤᠷᠠᠯᠠᠯ ᠤᠨ ᠰᠤᠳᠤᠯᠤᠨ ᠰᠤᠷᠤᠯᠴᠠᠬᠤ ᠭᠠᠵᠠᠷ ᠢ ᠪᠠᠶᠢᠭᠤᠯᠵᠤ᠂ ᠨᠡᠶᠢᠭᠡᠮ ᠲᠣᠭᠤᠷᠢᠭ᠂ ᠰᠤᠷᠭᠠᠭᠤᠯᠢ ᠳᠤ ᠭᠦᠨᠵᠡᠭᠡᠶᠢᠷᠡᠨ ︽ᠤᠯᠠᠮᠵᠢᠯᠠᠯᠲᠤ ᠭᠠᠷ ᠤᠷᠠᠯᠠᠯ ᠤᠨ ᠶᠡᠭᠡ ᠬᠢᠴᠢᠶᠡᠯ ᠤᠨ ᠲᠠᠩᠬᠢᠮ︾ ᠢ ᠥᠷᠨᠢᠭᠦᠯᠵᠦ᠂ ᠤᠷ᠎ᠠ ᠮᠡᠷᠭᠡᠵᠢᠯ ᠢ ᠳᠡᠯᠭᠡᠨ ᠦᠵᠡᠭᠦᠯᠬᠦ᠂ ᠨᠡᠪᠴᠢᠭᠦᠯᠬᠦ ᠮᠠᠶ᠋ᠢᠭ ᠤᠨ ᠪᠡᠶᠡᠴᠢᠯᠡᠨ ᠣᠶᠢᠯᠠᠭᠠᠬᠤ᠂ ᠤᠯᠠᠮᠵᠢᠯᠠᠨ ᠰᠤᠷᠬᠤ᠂ ᠲᠠᠶᠢᠯᠤᠮᠵᠢ ᠬᠢᠬᠦ ᠵᠡᠷᠭᠡ ᠠᠵᠢᠯᠯᠠᠭ᠎ᠠ  ᠪᠠᠷ ᠳᠠᠮᠵᠢᠭᠤᠯᠤᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷ᠎ᠠ ᠮᠡᠷᠭᠡᠵᠢᠯ ᠢ ᠤᠯᠠᠮᠵᠢᠯᠠᠨ ᠳᠡᠯᠭᠡᠷᠡᠭᠦᠯᠬᠦ᠂ ᠲᠦᠭᠡᠮᠡᠯᠵᠢᠭᠦᠯᠬᠦ ᠪᠠ ᠰᠣᠯᠢᠯᠴᠠᠬᠤ ᠶᠢ ᠠᠬᠢᠭᠤᠯᠵᠤ᠂ ᠵᠠᠯᠠᠭᠤᠴᠤᠳ ᠪᠠᠭᠠᠴᠤᠳ ᠠᠴᠠ ᠢᠳᠡᠷ ᠪᠠ ᠥᠲᠡᠯᠦᠭᠡ ᠨᠠᠰᠤᠨ ᠤ ᠬᠥᠮᠦᠰ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠯᠠᠮᠵᠢᠯᠠᠯᠲᠤ ᠭᠠᠷ ᠤᠷᠠᠯᠠᠯ ᠢ ᠣᠲᠣ ᠦᠶ᠎ᠡ ᠶᠢᠨ ᠠᠮᠢᠳᠤᠷᠠᠯ ᠲᠠᠢ ᠨᠠᠩ ᠰᠠᠶᠢᠨ ᠤᠶᠠᠯᠳᠤᠬᠤ ᠶᠢ ᠠᠬᠢᠭᠤᠯᠵᠠᠢ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠦᠵᠡᠰᠬᠦᠯᠡᠩ ᠤᠨ ᠣᠷᠳᠣᠨ ᠪᠠᠰᠠ ︽ᠤᠯᠠᠮᠵᠢᠯᠠᠯᠲᠤ ᠭᠠᠷ ᠤᠷᠠᠯᠠᠯ ᠤᠨ ᠶᠡᠭᠡ ᠬᠢᠴᠢᠶᠡᠯ ᠤᠨ ᠲᠠᠩᠬᠢᠮ ᠤᠨ ᠰᠦᠯᠵᠢᠶᠡᠨ ᠳᠡᠭᠡᠷᠡᠬᠢ ᠬᠢᠴᠢᠶᠡᠯ︾ ᠢ ᠭᠠᠷᠭᠠᠪᠠ᠂ ᠡᠭᠦᠨ ᠳᠤ ᠴᠠᠭᠠᠰᠤᠨ ᠬᠠᠶᠢᠴᠢᠯᠠᠮᠠᠯ᠂ ᠮᠣᠷᠢᠨ ᠬᠤᠭᠤᠷ ᠦᠶᠯᠡᠳᠬᠦ᠂ ᠤᠷᠠᠨ ᠪᠢᠴᠢᠯᠭᠡ᠂ ᠭᠤᠯᠢᠷ ᠪᠠᠷᠢᠮᠠᠯ᠂ ᠪᠥᠰ ᠨᠠᠭᠠᠮᠠᠯ ᠵᠢᠷᠤᠭ᠂ ᠥᠨᠳᠡᠭᠡᠨ ᠰᠡᠶᠢᠯᠦᠮᠡᠯ᠂ ᠭᠠᠷ ᠤᠷᠠᠯᠠᠯ ᠤᠨ ᠬᠠᠰᠠᠭ ᠲᠡᠷᠭᠡ᠂ ᠤᠯᠠᠮᠵᠢᠯᠠᠯᠲᠤ ᠬᠤᠸᠠᠷ ᠬᠠᠳᠬᠤᠬᠤ ᠵᠡᠷᠭᠡ 8 ᠲᠥᠷᠥᠯ ᠵᠦᠶᠯ ᠤᠨ 47 ᠤᠳᠠᠭᠠᠨ  ᠤ ᠬᠢᠴᠢᠶᠡᠯ ᠢ ᠪᠠᠭᠲᠠᠭᠠᠵᠤ᠂ ᠤᠯᠠᠮᠵᠢᠯᠠᠯᠲᠤ ᠭᠠᠷ ᠤᠷᠠᠯᠠᠯ ᠤᠨ ᠮᠡᠳᠡᠯᠭᠡ ᠶᠢ ᠦᠷᠭᠦᠯᠵᠢᠯᠡᠨ ᠳᠡᠯᠭᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠤᠯᠪᠠ᠃      ᠬᠤᠶᠢᠰᠢᠳᠠ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠣᠯᠠᠨ ᠲᠦᠮᠡᠨᠴᠢ ᠴᠢᠨᠠᠷᠲᠠᠶ ᠤᠯᠠᠮᠵᠢᠯᠠᠯᠲᠤ ᠭᠠᠷ ᠤᠷᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠤᠯᠠᠮᠵᠢᠯᠠᠯᠲᠤ ᠭᠠᠷ ᠤᠷᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠨ᠂ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号