ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠲᠠ  ᠶᠢᠨ ᠮᠦᠽᠧᠶ᠂ ᠦᠬᠠᠶ ᠶᠢᠨ ᠨᠡᠭᠦᠷᠡᠰᠦᠨ ᠤ ᠮᠦᠽᠧᠶ ᠶᠢᠨ ᠳᠡᠯᠭᠡᠨ ᠦᠵᠡᠭᠦᠯᠦᠯᠭᠡ ᠪᠠ ᠬᠠᠮᠢᠶᠠᠷᠤᠯᠲᠠ  ᠶᠢᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/3/4
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ  ᠤ ᠭᠤᠤᠯᠳᠠᠯᠭ᠎ᠠ ᠲᠠᠢ ᠳᠡᠯᠭᠡᠨ ᠦᠵᠡᠭᠦᠯᠬᠦ ᠲᠠᠯᠠᠪᠤᠷ ᠣᠷᠳᠣᠨ  ᠢ ᠲᠥᠪᠯᠡᠷᠡᠭᠦᠯᠦᠨ ᠪᠠᠶᠢᠴᠠᠭᠠᠬᠤ ᠠᠵᠢᠯ ᠥᠷᠨᠢᠭᠦᠯᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ  ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠲᠠ ᠶᠢᠨ ᠮᠦᠽᠧᠶ᠂ ᠦᠬᠠᠶ  ᠶᠢᠨ ᠨᠡᠭᠦᠷᠡᠰᠦᠨ ᠤ ᠮᠦᠽᠧᠶ ᠶᠢᠨ ᠳᠡᠯᠭᠡᠨ ᠦᠵᠡᠭᠦᠯᠬᠦ᠂  ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠪᠠ᠃      ᠪᠠᠶᠢᠴᠠᠭᠠᠬᠤ ᠳᠤᠭᠤᠶᠢᠯᠠᠩ ᠤᠨ ᠬᠢᠨ ᠦᠬᠠᠶ ᠶᠢᠨ ᠨᠡᠭᠦᠷᠡᠰᠦᠨ ᠤ ᠮᠦᠽᠧᠶ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠳᠡᠯᠭᠡᠨ ᠦᠵᠡᠭᠦᠯᠬᠦ ᠠᠭᠤᠯᠭ᠎ᠠ᠂ ᠦᠵᠡᠮᠦᠷᠢ ᠶᠢᠨ ᠲᠣᠳᠣᠷᠬᠠᠶᠢᠯᠠᠯᠲᠠ᠂  ᠲᠠᠶᠢᠯᠪᠤᠷᠢᠯᠠᠯᠲᠠ  ᠶᠢᠨ ᠦᠭᠡ᠂ ᠮᠣᠩᠭᠤᠯ ᠬᠢᠲᠠᠳ ᠥᠰᠥᠭ ᠪᠢᠴᠢᠭ ᠤᠨ ᠬᠡᠷᠡᠭᠯᠡᠯᠲᠡ᠂ ᠳᠠᠩᠰᠠ ᠳᠡᠮᠳᠡᠭᠯᠡᠯ ᠵᠡᠷᠭᠡ ᠶᠢ ᠲᠤᠬᠠᠶ ᠶᠢᠨ ᠭᠠᠵᠠᠷ  ᠲᠤ ᠨᠢ ᠪᠠᠶᠢᠴᠠᠭᠠᠨ ᠦᠵᠡᠪᠡ᠃  ᠪᠠᠶᠢᠴᠠᠭᠠᠭᠰᠠᠨ ᠠᠭᠤᠯᠭ᠎ᠠ  ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃ ᠪᠠᠶᠢᠴᠠᠭᠠᠬᠤ ᠳᠤᠭᠤᠶᠢᠯᠠᠩ  ᠤᠨ ᠬᠢᠨ ᠮᠦᠽᠧᠶ ᠶᠢᠨ ᠳᠡᠯᠬᠡᠨ ᠦᠵᠡᠭᠦᠯᠦᠯᠭᠡ᠂ ᠬᠠᠮᠢᠶᠠᠷᠴᠤ ᠬᠡᠷᠡᠭᠯᠡᠬᠦ ᠠᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠵᠠᠢ᠃      ᠬᠤᠲᠠ ᠲᠣᠭᠤᠷᠢᠭ ᠬᠤᠶᠠᠷ ᠱᠠᠲᠤᠨ ᠤ ᠮᠦᠽᠧᠶ ᠨᠢ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠮᠦᠽᠧᠶ᠂ ᠦᠵᠡᠰᠬᠦᠯᠡᠩ ᠤᠨ ᠣᠷᠳᠣᠨ ᠵᠡᠷᠭᠡ ᠭᠤᠤᠯᠳᠠᠯᠭ᠎ᠠ ᠲᠠᠢ ᠲᠠᠯᠠᠪᠠᠶ ᠣᠷᠳᠣᠨ ᠢ ᠰᠠᠶᠢᠲᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠨᠠᠩ ᠣᠯᠠᠨ ᠴᠢᠨᠠᠷ ᠰᠠᠶᠢᠲᠠᠶ ᠦᠵᠡᠬᠦᠯᠦᠯᠭᠡ᠂ ᠰᠤᠷᠭᠠᠨ ᠬᠥᠮᠦᠵᠢᠯ᠂ ᠳᠠᠮᠵᠢᠭᠤᠯᠤᠨ ᠳᠠᠷᠬᠠᠭᠠᠬᠤ ᠠᠵᠢᠯᠯᠠᠭ᠎ᠠ ᠥᠷᠨᠢᠭᠦᠯᠵᠦ᠂ ᠮᠦᠽᠧᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号