ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠰᠤᠳᠤᠯᠤᠨ ᠨᠠᠶᠢᠳᠠᠪᠤᠷᠢᠵᠢᠭᠤᠯᠵᠤ ᠭᠤᠤᠯᠳᠠᠯᠭ᠎ᠠ  ᠲᠠᠢ ᠬᠤᠲᠠ ᠶᠢᠨ ᠵᠢᠭᠤᠯᠴᠢᠯᠠᠯ ᠤᠨ ᠵᠦᠷᠢᠶᠡᠴᠢᠯᠡᠬᠦᠯᠵᠦ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠶ ᠰᠤᠳᠤᠯᠪᠠ
ᠨᠡᠶᠢᠲᠡᠯᠡᠭᠰᠡᠨ ᠴᠠᠭ᠄
2021/4/13
     4 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠵᠢᠭᠤᠯᠴᠢᠯᠠᠯ ᠤᠨ ᠬᠤᠲᠠ ᠶᠢᠨ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠰᠢᠩᠭᠡᠭᠡᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠤᠲᠠ ᠶᠢᠨ ᠵᠢᠭᠤᠯᠴᠢᠯᠠᠯ ᠤᠨ ᠵᠦᠷᠢᠶᠡᠴᠢᠯᠡᠬᠦᠯᠵᠦ ᠬᠠᠮᠵᠢᠯᠴᠠᠨ ᠬᠥᠭᠵᠢᠬᠦ ᠶᠢ ᠠᠬᠢᠭᠤᠯᠬᠤ ᠠᠷᠭ᠎ᠠ ᠵᠠᠮ ᠢ ᠰᠦᠪᠡᠭᠴᠢᠯᠡᠪᠡ᠃ ᠬᠤᠷᠠᠯ ᠠᠴᠠ ᠪᠡᠭᠡᠵᠢᠩ ᠤᠨ ᠬᠤᠶᠠᠳᠤᠭᠠᠷ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠯᠢ ᠰᠢᠨ ᠵᠢᠶᠠᠨ ᠫᠷᠤᠹᠧᠰᠰᠤᠷ ᠵᠡᠷᠭᠡ 5 ᠤᠯᠤᠰ  ᠤᠨ ᠳᠣᠲᠣᠭᠠᠳᠤ ᠶᠢᠨ ᠨᠠᠷᠠᠲᠤ ᠵᠢᠭᠤᠯᠴᠢᠯᠠᠯ ᠤᠨ ᠲᠤᠰᠬᠠᠶ ᠮᠡᠷᠭᠡᠵᠢᠯᠲᠡᠨ ᠪᠣᠯᠤᠨ ᠥᠪᠥᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠶᠢᠨ ᠴᠠᠩ ᠠᠨ ᠳᠡᠳ᠋ ᠫᠷᠤᠹᠧᠰᠰᠤᠷ ᠵᠡᠷᠭᠡ 4 ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ᠂ ᠲᠢᠩᠬᠢᠮ ᠤᠨ ᠳᠡᠳ᠋ ᠳᠠᠷᠤᠭ᠎ᠠ  ᠢᠦᠢ ᡁᠢ ᠭᠦᠸᠧ᠂ ᠵᠠᠩ ᠸᠧᠨ ᠵᠢᠶᠦ᠋ᠨ᠂ ᠸᠠᠩ ᠶᠠᠨ ᠵᠢᠶᠦ᠋ᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠣᠷᠣᠨ ᠤ ᠳᠣᠲᠣᠷ᠎ᠠ ᠭᠠᠳᠠᠨᠠᠬᠢ ᠲᠤᠰᠬᠠᠶ ᠮᠡᠷᠭᠡᠵᠢᠯᠲᠡᠳ ᠰᠠᠨᠠᠯ ᠵᠥᠪᠯᠡᠯᠭᠡ ᠪᠠᠨ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠣᠭ ᠰᠤᠷᠪᠤᠯᠵᠢ᠂ ᠳᠠᠪᠠᠭᠤᠯᠢᠭ ᠪᠠ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ ᠬᠥᠷ ᠬᠥᠭᠵᠢᠶᠡᠨᠲᠡᠶ  ᠶᠠᠷᠢᠯᠴᠠᠵᠤ᠂ ᠮᠠᠨ ᠤ ᠣᠷᠣᠨ ᠤ ᠭᠤᠤᠯᠳᠠᠯᠭ᠎ᠠ ᠲᠠᠢ ᠠᠶᠢᠮᠠᠭ ᠬᠤᠲᠠ ᠶᠢᠨ ᠲᠣᠮᠣ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ᠂ ᠠᠮᠢ ᠠᠬᠤᠶ ᠪᠠᠷ ᠲᠡᠪᠢᠰᠭᠡᠷᠯᠡᠨ᠂ ᠰᠣᠶᠣᠯ ᠢᠶᠠᠷ ᠣᠨᠴᠠᠯᠢᠭ ᠪᠣᠯᠭᠠᠭᠰᠠᠨ ᠵᠢᠭᠤᠯᠴᠢᠯᠠᠯ  ᠤᠨ ᠦᠶᠯᠡᠰ ᠢ ᠪᠥᠲᠥᠭᠡᠨ ᠪᠠᠶᠢᠭᠤᠯᠬᠤ᠂ ᠵᠡᠭᠦᠨ ᠳᠤᠮᠳᠠ ᠪᠠᠷᠠᠭᠤᠨ ᠣᠷᠣᠨ ᠤ ᠵᠢᠭᠤᠯᠴᠢᠯᠠᠯ ᠤᠨ ᠦᠶᠯᠡᠰ ᠤᠨ ᠵᠦᠷᠢᠶᠡᠴᠢᠯᠡᠬᠦᠯᠵᠦ ᠵᠤᠬᠢᠴᠠᠭᠤᠯᠤᠨ ᠬᠦᠭᠵᠢᠬᠦ ᠶᠢ ᠠᠬᠢᠭᠤᠯᠬᠤ᠂ ᠬᠥᠬᠡᠬᠤᠲᠠ᠂ ᠬᠥᠯᠥᠨ ᠪᠣᠶᠢᠷ᠂ ᠣᠷᠳᠣᠰ᠂ ᠠᠯᠠᠱᠠ ᠳᠥᠷᠪᠡᠨ ᠭᠤᠤᠯᠳᠠᠯᠭ᠎ᠠ ᠲᠠᠢ ᠵᠢᠭᠤᠯᠴᠢᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠲᠤᠬᠠᠶ ᠪᠦᠲᠦᠭᠡᠯᠴᠢ ᠴᠢᠨᠠᠷᠲᠠᠶ ᠰᠠᠨᠠᠯ ᠳᠤᠷᠠᠳᠴᠠᠶ᠃
     ᠬᠥᠬᠡᠬᠤᠲᠠ᠂ ᠬᠥᠯᠥᠨ ᠪᠣᠶᠢᠷ ᠬᠤᠲᠠ᠂ ᠠᠯᠠᠱᠠ ᠠᠶᠢᠮᠠᠭ ᠤᠨ ᠰᠣᠶᠣᠯ ᠪᠠ ᠵᠢᠭᠤᠯᠴᠢᠯᠠᠯ ᠤᠨ ᠲᠤᠪᠴᠢᠶᠠᠨ  ᠤ ᠬᠠᠷᠢᠭᠤᠴᠠᠯᠭᠠᠲᠠᠨ ᠨᠥᠬᠦᠳ᠂ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号