ᠰᠣᠶᠣᠯ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠡᠯᠡᠬᠡᠶ ᠶᠢᠨ ᠵᠢᠭᠤᠯᠴᠢᠯᠠᠯ ᠤᠨ ᠠᠵᠤ ᠠᠬᠤᠶ ᠶᠢᠨ ᠶᠠᠷᠢᠯᠴᠠᠭᠠᠨ ᠤ ᠲᠠᠪᠴᠠᠩ ᠤᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠾᠧ ᠴᠤᠤ ᠴᠢᠶᠦ᠋ᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2021/4/16
     4 ᠳ᠋ᠤᠭᠡᠷ ᠰᠠᠷ᠎ᠠ ᠶᠢᠨ 9 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠣᠣᠮᠧᠨ ᠤ ᠳᠡᠯᠡᠬᠡᠶ ᠶᠢᠨ ᠵᠢᠭᠤᠯᠴᠢᠯᠠᠯ ᠤᠨ ᠠᠵᠤ ᠠᠬᠤᠶ ᠶᠢᠨ ᠶᠠᠷᠢᠯᠴᠠᠭᠠᠨ ᠤ ᠲᠠᠪᠴᠠᠩ ᠤᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠾᠧ ᠴᠤᠤ ᠴᠢᠶᠦ᠋ᠩ ᠲᠠᠢ ᠠᠭᠤᠯᠵᠠᠵᠤ᠂ ᠳᠣᠲᠣᠷ ᠭᠠᠵᠠᠷ ᠬᠢᠭᠡᠳ ᠣᠣᠮᠧᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠯᠲᠡ ᠶᠢ ᠠᠬᠢᠭᠤᠯᠬᠤ᠂ ᠳᠡᠯᠡᠬᠡᠶ ᠶᠢᠨ ᠵᠢᠭᠤᠯᠴᠢᠯᠠᠯ ᠤᠨ ᠠᠵᠤ ᠠᠬᠤᠶ ᠶᠢᠨ ᠶᠠᠷᠢᠶᠠᠨ ᠤ ᠲᠠᠪᠴᠠᠩ ᠤᠨ ᠬᠥᠭᠵᠢᠯᠲᠡ ᠶᠢ ᠳᠡᠮᠵᠢᠬᠦ ᠲᠤᠬᠠᠶ ᠭᠦᠨᠵᠡᠭᠡᠶ ᠰᠣᠯᠢᠯᠴᠠᠪᠠ᠃      ᠬᠤ᠋ ᠾᠧ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠤᠨ ᠵᠢᠭᠤᠯᠴᠢᠯᠠᠯ  ᠤᠨ ᠦᠶᠯᠡᠰ ᠤᠨ ᠡᠲᠡᠭᠡᠳ ᠤᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠢᠭᠤᠯᠴᠢᠯᠠᠯ ᠤᠨ ᠦᠶᠯᠡᠰ ᠤᠨ ᠰᠡᠷᠭᠦᠯᠲᠡ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠭᠦᠶᠴᠡᠳ ᠨᠤᠲᠠᠯᠠᠪᠠ᠃ ᠲᠡᠷᠡ᠂ ᠰᠣᠶᠣᠯ ᠪᠠ ᠵᠢᠭᠤᠯᠴᠢᠯᠠᠯ ᠤᠨ ᠶᠠᠮᠤᠨ ᠣᠣᠮᠧᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠲᠦᠷᠭᠡᠨ ᠰᠡᠷᠭᠦᠬᠦ ᠪᠠ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠳᠡᠮᠵᠢᠵᠦ᠂ ᠣᠣᠮᠧᠨ ᠤ ᠠᠷᠪᠠᠳᠤᠭᠠᠷ ᠬᠤᠭᠤᠴᠠᠭᠠᠨ ᠤ ᠳᠡᠯᠡᠬᠡᠶ ᠶᠢᠨ ᠵᠢᠭᠤᠯᠴᠢᠯᠠᠯ ᠤᠨ ᠠᠵᠤ ᠠᠬᠤᠶ ᠶᠢᠨ ᠶᠠᠷᠢᠯᠴᠠᠭᠠᠨ ᠤ ᠲᠠᠪᠴᠠᠩ ᠢ ᠰᠠᠶᠢᠲᠤᠷ ᠡᠷᠭᠢᠯᠡᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠬᠡᠪᠡ᠃ ᠶᠠᠷᠢᠯᠴᠠᠭᠠᠨ ᠤ ᠲᠠᠪᠴᠠᠩ ᠤᠨ ᠬᠢᠨ ᠳᠡᠯᠡᠬᠡᠢ ᠶᠢᠨ  ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠨᠢᠭᠲᠠ ᠠᠩᠬᠠᠷᠴᠤ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠵᠢᠭᠤᠯᠴᠢᠯᠠᠯ ᠤᠨ ᠦᠢᠯᠡᠰ ᠤᠨ ᠡᠲᠡᠭᠡᠳ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠣᠣᠮᠧᠨ ᠤ ᠳᠡᠯᠡᠬᠡᠢ ᠶᠢᠨ ᠵᠢᠭᠤᠯᠴᠢᠯᠠᠯ ᠰᠡᠯᠡᠭᠦᠴᠡᠯ ᠤᠨ ᠲᠥᠪ ᠤᠨ ᠠᠭᠤᠯᠤᠭᠳᠠᠬᠤᠨ ᠢ ᠪᠠᠶᠠᠯᠢᠭᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠾᠧ ᠴᠤᠤ ᠴᠢᠶᠦ᠋ᠩ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠲᠤ ᠬᠤᠭᠤᠴᠠᠭᠠᠨ ᠤ ᠲᠤᠷᠰᠢ ᠣᠣᠮᠧᠨ  ᠤ ᠰᠣᠶᠣᠯ ᠪᠣᠯᠤᠨ ᠵᠢᠭᠤᠯᠴᠢᠯᠠᠯ ᠤᠨ ᠬᠥᠭᠵᠢᠯᠲᠡ ᠪᠣᠯᠤᠨ ᠳᠡᠯᠡᠬᠡᠢ ᠶᠢᠨ ᠵᠢᠭᠤᠯᠴᠢᠯᠠᠯ ᠤᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠳᠡᠯᠡᠬᠡᠶ ᠶᠢᠨ ᠵᠢᠭᠤᠯᠴᠢᠯᠠᠯ ᠤᠨ ᠠᠵᠤ ᠠᠬᠤᠶ ᠶᠢᠨ ᠶᠠᠷᠢᠯᠴᠠᠭᠠᠨ ᠤ ᠲᠠᠪᠴᠠᠩ ᠦᠷᠭᠦᠯᠵᠢᠯᠡᠨ ᠣᠣᠮᠧᠨ ᠤ ᠵᠢᠭᠤᠯᠴᠢᠯᠠᠯ ᠤᠨ ᠦᠶᠯᠡᠰ ᠤᠨ ᠡᠲᠡᠭᠡᠳ ᠤᠨ ᠬᠢᠨ ᠲᠠᠢ ᠭᠠᠷ ᠬᠤᠯᠪᠣᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠳᠤ ᠬᠢ ᠬᠠᠮᠲᠤᠷᠠᠯᠴᠠᠭᠠᠨ  ᠤ ᠲᠠᠪᠴᠠᠩ ᠪᠠ ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠳᠣᠲᠣᠷ ᠭᠠᠵᠠᠷ ᠪᠣᠯᠤᠨ ᠣᠣᠮᠧᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠣᠮᠧᠨ ᠤ ᠳᠡᠯᠡᠬᠡᠶ ᠶᠢᠨ ᠵᠢᠭᠤᠯᠴᠢᠯᠠᠯ ᠰᠡᠯᠡᠭᠦᠴᠡᠯ ᠤᠨ ᠲᠥᠪ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号