ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ  ᠫᠠᠨ ᠴᠢ ᠷᠦᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2021/4/16
     4 ᠳ᠋ᠦ᠋ᠭᠡᠷ ᠰᠠᠷ᠎ᠠ ᠶᠢᠨ 8 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠫᠠᠨ ᠴᠢ ᠷᠦᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
     ᠬᠤ᠋ ᠾᠧ ᠫᠢᠩ᠂ ᠳᠤᠮᠳᠠᠳᠤ ᠢᠰᠷᠧᠯ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠰᠣᠶᠣᠯ ᠪᠠ ᠵᠢᠭᠤᠯᠴᠢᠯᠠᠯ  ᠤᠨ ᠰᠣᠯᠢᠯᠴᠠᠭ᠎ᠠ ᠬᠠᠮᠲᠤᠷᠠᠯᠴᠠᠭ᠎ᠠ ᠨᠢ ᠬᠤᠶᠠᠷ ᠤᠯᠤᠰ ᠤᠨ ᠨᠥᠬᠦᠷᠰᠡᠭ ᠬᠠᠷᠢᠯᠴᠠᠭᠠᠨ ᠤ ᠬᠥᠭᠦᠷᠭᠡ ᠬᠤᠯᠪᠣᠭᠠᠰᠤ ᠪᠤᠯᠤᠭᠰᠠᠨ ᠶᠤᠮ᠃ ᠣᠶᠢᠷ᠎ᠠ ᠶᠢᠨ ᠵᠢᠯ ᠤᠳ ᠲᠤ᠂ ᠳᠤᠮᠳᠠᠳᠤ ᠢᠰᠷᠧᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ  ᠤ ᠲᠣᠭᠲᠠᠴᠠ ᠶᠢᠨ ᠲᠤᠶᠢᠮᠤ ᠪᠠᠶᠢᠳᠠᠯ ᠳᠤ᠂ ᠬᠤᠶᠠᠷ ᠤᠯᠤᠰ ᠤᠨ ᠰᠣᠶᠣᠯ ᠤᠷᠠᠯᠢᠭ᠂ ᠵᠢᠭᠤᠯᠴᠢᠯᠠᠯ ᠤᠨ ᠲᠡᠯᠭᠡᠷᠡᠭᠦᠯᠦᠯᠲᠡ᠂ ᠰᠣᠶᠣᠯ ᠤᠨ ᠥᠪ ᠵᠡᠷᠭᠡ ᠬᠦᠷᠢᠶᠡᠨ ᠳᠤ ᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ 2022 ᠣᠨ ᠪᠣᠯ ᠳᠤᠮᠳᠠᠳᠤ ᠢᠰᠷᠧᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠣᠯᠤᠨ᠎ᠠ᠂ ᠳᠤᠮᠳᠠᠳᠤ ᠤᠯᠤᠰ ᠳᠤᠷᠠᠲᠠᠶ᠎ᠠ ᠢᠰᠷᠧᠯ ᠯᠦᠭᠡ ᠬᠠᠮᠲᠤ ᠪᠠᠷ ᠴᠢᠷᠮᠠᠶᠢᠵᠤ ᠬᠠᠮᠲᠤᠷᠠᠯᠴᠠᠭᠠᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ ᠰᠢᠨᠡᠴᠢᠯᠡᠨ᠂ ᠬᠤᠶᠠᠷ ᠤᠯᠤᠰ ᠤᠨ ᠪᠦᠬᠦ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠶᠢ ᠡᠭᠦᠳᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ᠫᠠᠨ ᠴᠢ ᠷᠦᠢ ᠡᠯᠴᠢᠨ ᠰᠠᠶᠢᠳ ᠣᠳᠣᠬᠠᠨ ᠤ ᠢᠰᠷᠧᠯ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠠᠮᠲᠤᠷᠠᠯᠴᠠᠭᠠᠨ ᠤ ᠦᠷ᠎ᠡ ᠪᠦᠲᠦᠮᠵᠢ ᠶᠢ ᠨᠤᠲᠠᠯᠠᠪᠠ᠃ ᠢᠰᠷᠧᠯ ᠤᠨ ᠬᠢᠨ ᠳᠤᠷᠠᠲᠠᠶ᠎ᠠ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠤᠯᠤᠰ  ᠯᠤᠭ᠎ᠠ ᠰᠣᠶᠣᠯ ᠪᠠ ᠵᠢᠭᠤᠯᠴᠢᠯᠠᠯ ᠤᠨ ᠬᠦᠷᠢᠶᠡᠨ‌‍ᠳᠥ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠢᠰᠷᠧᠯ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠲᠠᠪᠰᠢᠬᠤ ᠶᠢ ᠲᠠᠰᠤᠷᠠᠯᠲᠠ ᠦᠭᠡᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号