ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠳᠤᠮᠳᠠᠳᠤ ᠤᠯᠤᠰ ᠲᠤ ᠰᠠᠭᠤᠭ᠎ᠠ ᠲᠠᠵᠢᠺᠰᠲ᠋ᠠᠨ  ᠤ ᠡᠯᠴᠢᠨ ᠰᠠᠶᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2021/4/2
     3  ᠳ᠋ᠤᠭᠠᠷ ᠰᠠᠷ᠎ᠠ ᠶᠢᠨ 18 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠳᠤᠮᠳᠠᠳᠤ ᠤᠯᠤᠰ ᠲᠤ ᠰᠠᠭᠤᠭ᠎ᠠ ᠲᠠᠵᠢᠺᠰᠲ᠋ᠠᠨ ᠤ ᠡᠯᠴᠢᠨ ᠰᠠᠶᠢᠳ ᠰᠠᠶᠢᠳᠠᠽᠦ᠋ᠸᠧᠳᠠ ᠨᠠᠷ ᠲᠠᠢ ᠠᠭᠤᠯᠵᠠᠪᠠ᠃              ᠵᠠᠩ ᠰᠢᠤᠢ ᠳᠤᠮᠳᠠᠳᠤ ᠲᠠᠵᠢᠺᠰᠲ᠋ᠠᠨ ᠤ ᠬᠤᠶᠠᠷ ᠲᠠᠯ᠎ᠠ ᠶᠢᠨ ᠬᠠᠷᠢᠴᠠᠭ᠎ᠠ ᠵᠢᠴᠢ ᠰᠣᠶᠣᠯ ᠪᠠ ᠵᠢᠭᠤᠯᠴᠢᠯᠠᠯ  ᠤᠨ ᠬᠦᠷᠢᠶᠡᠨ ᠤ ᠬᠠᠮᠲᠤᠷᠠᠯᠴᠠᠭᠠᠨ ᠤ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ᠂ ᠳᠤᠮᠳᠠᠳᠤ ᠲᠠᠵᠢᠺᠰᠲ᠋ᠠᠨ ᠪᠣᠯ ᠨᠥᠬᠦᠷᠰᠡᠭ ᠬᠥᠷᠰᠢ ᠪᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠬᠤᠶᠠᠷ ᠤᠯᠤᠰ ᠤᠨ ᠬᠠᠷᠢᠴᠠᠭ᠎ᠠ ᠶᠠᠭ ᠲᠡᠤᠬᠡᠨ ᠳᠡᠭᠡᠷᠡᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠬᠤᠶᠠᠷ ᠤᠯᠤᠰ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠡᠷᠬᠡ  ᠪᠠᠷᠲᠠᠭ᠎ᠠ ᠶᠢ ᠬᠠᠮᠲᠤ ᠪᠠᠷ ᠲᠤᠭᠤᠯᠵᠠᠢ᠃ ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ ᠢᠯᠡᠷᠡᠭᠦᠯᠦᠭᠰᠡᠨ ᠶᠤᠮ᠃ ᠳᠤᠮᠳᠠᠳᠤ ᠲᠠᠵᠢᠺᠰᠲ᠋ᠠᠨ ᠬᠤᠶᠠᠷ ᠤᠯᠤᠰ ᠴᠥᠮ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠲᠠᠢ᠂ ᠬᠤᠶᠠᠷ ᠤᠯᠤᠰ ᠤᠨ ᠰᠣᠶᠣᠯ ᠨᠢ ᠬᠠᠷᠢᠯᠴᠠᠨ ᠮᠠᠰᠢ ᠶᠡᠭᠡ ᠲᠠᠲᠠᠬᠤ ᠬᠦᠴᠦᠨ ᠲᠠᠢ ᠶᠤᠮ᠃ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠵᠢᠭᠤᠯᠴᠢᠯᠠᠯ ᠤᠨ ᠬᠦᠷᠢᠶᠡᠨ ᠳᠤ ᠬᠢ ᠬᠠᠮᠲᠤᠷᠤᠯᠴᠠᠯ ᠤᠨ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠶᠡᠭᠡ᠃ ᠳᠤᠮᠳᠠᠳᠤ ᠶᠢᠨ ᠬᠢᠨ ᠲᠠᠵᠢᠺᠰᠲ᠋ᠠᠨ ᠲᠠᠢ ᠬᠠᠮᠲᠤ ᠪᠠᠷ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠰᠣᠯᠢᠯᠴᠠᠭ᠎ᠠ ᠬᠠᠮᠲᠤᠷᠠᠯᠴᠠᠭᠠᠨ ᠤ ᠠᠷᠭ᠎ᠠ ᠵᠠᠮ ᠪᠣᠯᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ‌ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠷ ᠬᠤᠶᠠᠷ ᠤᠯᠤᠰ ᠤᠨ ᠠᠷᠠᠳ ᠲᠦᠮᠡᠨ ᠳᠤ ᠲᠤᠰᠠ ᠬᠦᠷᠭᠡᠬᠦ ᠳᠤᠷᠠᠲᠠᠢ ᠭᠡᠰᠡᠨ  ᠢᠶᠠᠨ ᠢᠯᠡᠳᠬᠡᠪᠡ᠃      ᠰᠠᠶᠢᠳᠠᠽᠦ᠋ᠸᠧᠳᠠ᠂ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠲᠤ ᠰᠠᠭᠤᠭ᠎ᠠ ᠲᠠᠵᠢᠺᠰᠲ᠋ᠠᠨ ᠤ ᠡᠯᠴᠢᠨ ᠰᠠᠶᠢᠳ ᠤᠨ ᠶᠠᠮᠤᠨ ᠤ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠬᠠᠮᠲᠤᠷᠠᠯᠴᠠᠭ᠎ᠠ ᠪᠣᠯ ᠬᠤᠶᠠᠷ ᠤᠯᠤᠰ ᠤᠨ ᠬᠠᠷᠢᠴᠠᠭᠠᠨ ᠤ ᠴᠢᠬᠤᠯᠠ ᠠᠭᠤᠯᠭ᠎ᠠ ᠮᠥᠨ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠪᠠᠬᠢᠵᠢᠭᠦᠯᠬᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ ᠪᠠᠶᠢᠨ᠎ᠠ᠃ ᠳᠤᠮᠳᠠᠳᠤ ᠤᠯᠤᠰ ᠲᠤ ᠰᠠᠭᠤᠭ᠎ᠠ ᠲᠠᠵᠢᠺᠰᠲ᠋ᠠᠨ ᠤ ᠡᠯᠴᠢᠨ ᠰᠠᠶᠢᠳ ᠤᠨ ᠶᠠᠮᠤᠨ ᠲᠤᠷᠠᠳᠠᠶ᠎ᠠ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠤᠮᠳᠠᠳᠤ ᠲᠠᠵᠢᠺᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠲᠠᠰᠤᠷᠠᠯᠳᠡ ᠦᠭᠡᠢ ᠭᠦᠨᠵᠡᠭᠡᠶᠢᠷᠡᠨ ᠬᠥᠭᠵᠢᠬᠦ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃      ᠬᠤᠶᠠᠷ ᠲᠠᠯ᠎ᠠ  ᠶᠢᠨ ᠬᠢᠨ᠂ ᠬᠤᠶᠠᠷ ᠤᠯᠤᠰ ᠤᠨ ᠰᠣᠶᠣᠯ ᠤᠨ ᠰᠣᠯᠢᠯᠴᠠᠭᠠᠨ ᠤ ᠵᠢᠯ ᠤᠨ ᠲᠥᠯᠥᠪᠯᠡᠭᠡ ᠶᠢ ᠦᠷᠭᠦᠯᠵᠢᠯᠡᠨ ᠲᠤᠭᠲᠠᠬᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠤᠢ ᠶᠢ ᠪᠡᠯᠭᠡᠯᠡᠬᠦ ᠲᠣᠶᠢᠮᠤ ᠶᠢᠨ ᠬᠤᠯᠪᠣᠭᠳᠠᠯ ᠪᠦᠬᠦᠢ ᠠᠵᠢᠯ ᠢ ᠬᠠᠮᠲᠤ ᠪᠠᠷ ᠰᠠᠶᠢᠲᠤᠷ ᠬᠢᠬᠦ᠂ ︽ᠲᠣᠷᠭᠠᠨ ᠤ ᠵᠠᠮ︾ ᠭᠤᠣᠯ ᠰᠡᠳᠦᠪᠲᠦ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号