ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠶᠢᠨ ᠰᠢᠨᠵᠢᠯᠡᠬᠦ ᠮᠡᠷᠭᠡᠵᠢᠯ᠂ ᠵᠢᠭᠤᠯᠴᠢᠯᠠᠯ ᠯᠦᠭᠡ ᠶᠢᠨ ᠠᠭᠤᠰᠤᠯᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2021/4/2
     ᠰᠢᠨ᠎ᠡ ᠪᠠᠶᠢᠳᠠᠯ ᠳᠣᠤᠷ᠎ᠠ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ  ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠬᠠᠮᠲᠤᠷᠠᠨ ︽ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠶᠢᠨ ᠰᠢᠨᠵᠢᠯᠡᠬᠦ ᠮᠡᠷᠭᠡᠵᠢᠯ᠂ ᠵᠢᠭᠤᠯᠴᠢᠯᠠᠯ ᠯᠦᠭᠡ ᠶᠢᠨ ᠠᠭᠤᠰᠤᠯᠴᠠᠯ ᠢ ᠠᠬᠢᠭᠤᠯᠵᠤ᠂ ᠰᠣᠶᠣᠯ ᠤᠨ ᠦᠶᠯᠡᠰ᠂ ᠠᠵᠤ ᠦᠶᠯᠡᠰ ᠢ ᠠᠭᠤᠰᠤᠯᠴᠠᠭᠤᠯᠵᠤ᠂ ᠬᠠᠮᠵᠢᠯᠴᠠᠨ ᠬᠠᠮᠲᠤ ᠪᠠᠷ ᠤᠷᠤᠭᠰᠢᠯᠠᠬᠤ ᠰᠣᠶᠣᠯ  ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ ᠭᠡᠵᠦ ᠳᠤᠷᠠᠳᠪᠠ᠃      ︽ᠰᠠᠨᠠᠯ︾ ᠳᠤ᠂ ᠬᠥᠳᠡᠭᠡ ᠲᠣᠰᠬᠤᠨ ᠤ ᠰᠣᠶᠣᠯ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠶᠯᠡᠴᠢᠯᠡᠭᠡᠨ ᠤ ᠲᠥᠪ  ᠤᠨ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠠᠵᠢᠯ ᠣᠯᠭᠤᠯᠲᠠ ᠶᠢ  ᠬᠠᠪᠰᠤᠷᠬᠤ ᠵᠢᠯᠤᠭᠤᠳᠤᠮᠵᠢ ᠵᠡᠷᠭᠡ ᠴᠢᠳᠠᠮᠵᠢ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠎ᠡ᠃ ︽ᠬᠥᠮᠦᠨ ᠪᠣᠳᠠᠰ  ᠠᠮᠢᠳᠤᠷᠠᠯ ᠢ ᠦᠵᠡᠬᠦ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠤᠷᠠᠯᠢᠭ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ ᠲᠤ ᠲᠦᠰᠢᠭᠯᠡᠨ᠂ ︽ᠤᠷᠠᠯᠢᠭ ᠤᠨ ᠬᠥᠳᠡᠭᠡ ᠲᠣᠰᠬᠤᠨ︾ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭ ᠪᠥᠬᠦᠶ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠵᠤ᠂ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠥᠷᠭᠡᠳᠬᠡᠨ᠎ᠡ᠃      ︽ᠰᠠᠨᠠᠯ︾ ᠳᠤ ᠪᠠᠰᠠ ᠣᠯᠠᠨ ᠲᠦᠮᠡᠨ ᠤ ᠤᠳᠬ᠎ᠠ ᠤᠷᠠᠯᠢᠭ ᠤᠨ ᠣᠯᠠᠨ ᠤᠯᠤᠰ ᠤᠨ ᠰᠣᠶᠣᠯ ᠤᠨ ᠰᠣᠯᠢᠯᠴᠠᠭ᠎ᠠ ᠳᠤᠮᠳᠠᠬᠢ ᠦᠶᠯᠡᠳᠦᠯ ᠢ ᠭᠦᠶᠴᠡᠳ ᠪᠠᠳᠠᠷᠠᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠣᠯᠠᠨ ᠤᠯᠤᠰ ᠤᠨ ᠤᠷᠠᠯᠢᠭ ᠤᠨ ᠬᠦᠷᠢᠶᠡᠯᠡᠩ ᠪᠦᠯᠬᠦᠮ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠬᠦᠷᠴᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠭᠠᠷᠭᠠᠵᠤ᠂ ︽ᠪᠠᠶᠠᠷ ᠪᠠᠶᠠᠰᠬᠤᠯᠠᠩᠲᠤ ᠴᠠᠭᠠᠨ ᠰᠠᠷ᠎ᠠ︾᠂ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠤᠨ ᠣᠨ᠂ ᠣᠯᠠᠨ ᠤᠯᠤᠰ ᠤᠨ ᠤᠷᠠᠯᠢᠭ  ᠤᠨ ᠪᠠᠶᠠᠷ᠂ ᠣᠯᠠᠨ ᠲᠠᠯ᠎ᠠ ᠶᠢᠨ ᠪᠤᠶᠤ ᠬᠤᠶᠠᠷ ᠲᠠᠯ᠎ᠠ ᠶᠢᠨ ᠰᠣᠶᠣᠯ ᠤᠨ ᠰᠣᠯᠢᠯᠴᠠᠭ᠎ᠠ ᠳᠤᠮᠳᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠲᠥᠷᠥᠯ ᠵᠦᠶᠯ ᠢ ᠨᠠᠩ ᠣᠯᠠᠨ ᠣᠷᠣᠭᠤᠯᠬᠤ ᠬᠡᠷᠡᠭᠲᠡᠶ᠃ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠢ ᠳᠡᠮᠵᠢᠬᠦ ᠲᠥᠷᠥᠯ ᠵᠦᠶᠯ ᠢ ᠬᠡᠷᠡᠭᠵᠢᠭᠦᠯᠵᠦ᠂ ᠬᠥᠳᠡᠭᠡ ᠲᠣᠰᠬᠤᠨ  ᠳᠤ ᠦᠨᠳᠦᠰᠦᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠣᠯᠠᠨ ᠲᠦᠮᠡᠨ ᠳᠤ ᠦᠶᠯᠡᠴᠢᠯᠡᠬᠦ‍ ᠨᠢᠭᠡ ᠪᠦᠯᠦᠭ ᠬᠥᠳᠡᠭᠡ ᠲᠣᠰᠬᠤᠨ ᠤ ᠰᠣᠶᠣᠯ ᠤᠨ ᠭᠤᠤᠯᠯᠠᠭᠴᠢ ᠶᠢ ᠬᠥᠮᠦᠵᠢᠭᠦᠯᠬᠦ ᠶᠢ ᠳᠠᠮᠵᠢᠨ᠎ᠠ ᠭᠡᠪᠡ᠃ ︵ᠲᠠᠩ ᠪᠦᠸᠧ ᠨᠦᠩ︶
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号