ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠤᠮᠳᠠᠳᠤ ᠤᠯᠤᠰ ᠲᠤ ᠰᠠᠭᠤᠭ᠎ᠠ ᠺᠣᠷᠢᠶᠠ ᠶᠢᠨ ᠡᠯᠴᠢᠨ ᠰᠠᠶᠢᠳ ᠵᠠᠩ ᠰᠢᠶᠠ ᠴᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2021/4/2
     3 ᠳ᠋ᠤᠭᠠᠷ ᠰᠠᠷ᠎ᠠ ᠶᠢᠨ 23 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠤᠮᠳᠠᠳᠤ ᠤᠯᠤᠰ ᠲᠤ ᠰᠠᠭᠤᠭ᠎ᠠ ᠺᠣᠷᠢᠶᠠ ᠶᠢᠨ ᠡᠯᠴᠢᠨ ᠰᠠᠶᠢᠳ ᠵᠠᠩ ᠰᠢᠶᠠ ᠴᠧᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃      ᠬᠤ᠋ ᠾᠧ ᠫᠢᠩ᠂ ᠳᠤᠮᠳᠠᠳᠤ ᠺᠣᠷᠢᠶᠠ ᠪᠣᠯ ᠴᠢᠬᠤᠯᠠ ᠬᠥᠷᠰᠢ ᠤᠯᠤᠰ ᠪᠠ ᠬᠠᠮᠲᠤᠷᠠᠯᠴᠠᠭᠠᠨ ᠤ ᠬᠠᠨᠢᠲᠠᠨ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠪᠣᠯᠤᠨ ᠶᠡᠷᠦᠩᠬᠡᠶᠢᠯᠡᠭᠴᠢ ᠸᠧᠨ ᠽᠠᠢ ᠶᠢᠨ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠤᠯᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ  ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠪᠣᠯ ᠬᠤᠶᠠᠷ ᠤᠯᠤᠰ  ᠤᠨ ᠬᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠬᠤᠶᠠᠷ ᠤᠯᠤᠰ ᠤᠨ ᠨᠥᠬᠦᠷᠰᠡᠭ ᠶᠠᠪᠤᠯᠴᠠᠭ᠎ᠠ ᠶᠢ ᠪᠠᠬᠢᠵᠢᠭᠦᠯᠬᠦ ᠪᠠ ᠠᠷᠠᠳ ᠤᠨ ᠬᠤᠭᠤᠷᠣᠨᠳᠣᠬᠢ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ 2021 ᠣᠨ ᠪᠠ 2022 ᠣᠨ ᠪᠣᠯ ᠬᠤᠶᠠᠷ ᠤᠯᠤᠰ ᠤᠨ ᠤᠳᠤᠷᠢᠳᠬᠤ ᠬᠦᠮᠦᠰ ᠤᠨ ᠬᠠᠮᠲᠤ  ᠪᠠᠷ ᠲᠣᠭᠲᠠᠭᠠᠭᠰᠠᠨ ︽ᠳᠤᠮᠳᠠᠳᠤ ᠺᠣᠷᠢᠶᠠ ᠶᠢᠨ ᠰᠣᠶᠣᠯ ᠤᠨ ᠰᠣᠯᠢᠯᠴᠠᠭᠠᠨ ᠤ ᠣᠨ︾ ᠪᠣᠯᠤᠨ᠎ᠠ᠂ ᠳᠤᠮᠳᠠᠳᠤ ᠤᠯᠤᠰ ᠳᠤᠷᠠᠲᠠᠶ᠎ᠠ ᠺᠣᠷᠢᠶᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠤᠳᠤᠷᠢᠳᠬᠤ ᠬᠦᠮᠦᠰ  ᠤᠨ ᠲᠤᠬᠢᠷᠠᠯᠴᠠᠭᠰᠠᠠ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠶᠣᠰᠣᠭᠠᠷ᠂ ᠳᠤᠮᠳᠠᠳᠤ ᠺᠣᠷᠢᠶᠠ ᠶᠢᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠶᠢᠨ ᠨᠡᠩ ᠥᠨᠳᠥᠷ ᠲᠦᠪᠰᠢᠨ᠂ ᠨᠡᠩ ᠭᠦᠨ ᠳᠠᠪᠬᠤᠷᠭ᠎ᠠ ᠲᠡᠶᠢᠰᠢ ᠬᠥᠭᠵᠢᠬᠦ ᠶᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃      ᠵᠠᠩ ᠰᠢᠶᠠ ᠴᠧᠩ᠂ ᠺᠣᠷᠢᠶᠠ ᠶᠢᠨ ᠬᠢᠨ ᠺᠣᠷᠢᠶᠠ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠨᠢ ᠣᠶᠢᠯᠠᠭᠠᠯᠴᠠᠭ᠎ᠠ ᠢᠲᠡᠭᠡᠯᠴᠡᠭᠡ ᠪᠠᠨ ᠴᠢᠩᠭᠠᠳᠬᠠᠬᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠺᠣᠷᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ︽ᠳᠤᠮᠳᠠᠳᠤ ᠺᠣᠷᠢᠶᠠ ᠶᠢᠨ ᠰᠣᠶᠣᠯ ᠤᠨ ᠰᠣᠯᠢᠯᠴᠠᠭᠠᠨ ᠤ ᠣᠨ︾ ᠤ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠵᠡᠭᠦᠨ ᠠᠽᠢᠶ᠎ᠠ ᠶᠢᠨ ᠰᠣᠶᠣᠯ ᠤᠨ ᠬᠤᠲᠠ︾ ᠶᠢᠨ ᠰᠣᠯᠢᠯᠴᠠᠭ᠎ᠠ ᠶᠢ ᠬᠠᠮᠲᠤ ᠪᠠᠷ ᠠᠬᠢᠭᠤᠯᠤᠨ᠎ᠠ ᠃ ᠺᠣᠷᠢᠶᠠ ᠶᠢᠨ ᠬᠢᠨ ᠳᠤᠮᠳᠠᠳᠤ ᠤᠯᠤᠰ ᠤᠨ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ  ᠤᠨ ᠲᠠᠮᠢᠷ ᠤᠨ ᠴᠤᠭᠯᠠᠭᠠᠨ ᠢ ᠡᠷᠬᠢᠯᠡᠬᠦ ᠶᠢ ᠳᠡᠮᠵᠢᠨ᠎ᠠ᠃ 2022 ᠣᠨ ᠪᠣᠯ ᠺᠣᠷᠢᠶᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠣᠯᠤᠨ᠎ᠠ᠂ ᠺᠣᠷᠢᠶᠠ ᠶᠢᠨ ᠬᠢᠨ ᠳᠤᠮᠳᠠᠳᠤ ᠤᠯᠤᠰ ᠯᠤᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠠᠯᠢ ᠤᠯᠠᠨ ᠦᠷ᠎ᠡ ᠪᠦᠲᠦᠮᠵᠢᠲᠡᠢ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠵᠦ᠂ ᠺᠣᠷᠢᠶᠠ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号