ᠳᠤᠮᠳᠠᠳᠤ ᠤᠯᠤᠰ ᠪᠣᠯᠤᠨ ᠦᠽᠪᠧᠺᠰᠲ᠋ᠠᠨ ᠤ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠬᠤᠪᠢᠶᠠᠷᠢ ᠵᠥᠪᠯᠡᠯ ᠤᠨ ᠵᠢᠷᠭᠤᠳᠤᠭᠠᠷ ᠤᠲᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/2
     3 ᠳ᠋ᠤᠭᠠᠷ ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠪᠣᠯᠤᠨ ᠦᠽᠪᠧᠺᠰᠲ᠋ᠠᠨ ᠤ ᠵᠠᠰᠠᠭ ᠤᠨ ᠣᠷᠳᠣᠨ ᠤ ᠬᠤᠭᠤᠷᠣᠨᠳᠣᠬᠢ ᠬᠠᠮᠲᠤᠷᠠᠯᠴᠠᠭᠠᠨ ᠤ ᠵᠥᠪᠯᠡᠯ ᠤᠨ ᠬᠥᠮᠦᠨ ᠰᠣᠶᠣᠯ ᠤᠨ ᠬᠠᠮᠲᠤᠷᠠᠯᠴᠠᠭᠠᠨ ᠤ ᠬᠤᠪᠢᠶᠠᠷᠢ ᠵᠥᠪᠯᠡᠯ ᠤᠨ ᠵᠢᠷᠭᠤᠳᠤᠭᠠᠷ ᠬᠤᠷᠠᠯ ᠸᠢᠳᠢᠣ᠋ ᠪᠠᠷ ᠬᠤᠯᠪᠤᠭ᠎ᠠ ᠠᠪᠬᠤ ᠬᠡᠯᠪᠡᠷᠢ ᠪᠠᠷ ᠬᠤᠷᠠᠯᠳᠤᠪᠠ᠃ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠪᠣᠯᠤᠨ ᠦᠽᠪᠧᠺᠰᠲ᠋ᠠᠨ ᠤ ᠰᠣᠶᠣᠯ ᠤᠨ ᠶᠠᠮᠤᠨ ᠤ ᠳᠡᠳ᠋ ᠰᠠᠶᠢᠳ ᠠᠷᠺᠢᠯᠤᠸᠠ ᠬᠠᠮᠲᠤ ᠪᠠᠷ ᠬᠤᠷᠠᠯ ᠡᠷᠭᠢᠯᠡᠪᠡ᠃      ᠵᠠᠩ ᠰᠢᠤᠢ᠂ ᠳᠤᠮᠳᠠᠳᠤ ᠦᠽᠪᠧᠺᠰᠲ᠋ᠠᠨ ᠪᠣᠯ ᠨᠥᠬᠦᠷᠰᠡᠭ ᠬᠥᠷᠰᠢ ᠬᠢᠭᠡᠳ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠬᠤᠶᠠᠷ ᠤᠯᠤᠰ ᠬᠠᠷᠢᠯᠴᠠᠨ ᠡᠷᠡᠰ  ᠲᠡᠮᠵᠢᠯᠴᠡᠵᠦ᠂ ᠨᠢᠭᠲᠠ ᠬᠠᠮᠲᠤᠷᠠᠯᠴᠠᠪᠠ᠃ ᠰᠣᠶᠣᠯ ᠢᠷᠭᠡᠨᠰᠢᠯ ᠤᠨ ᠬᠦᠷᠢᠶᠡᠨ ᠳᠤ᠂ ᠳᠤᠮᠳᠠᠳᠤ ᠦᠽᠪᠧᠺᠰᠲ᠋ᠠᠨ ᠤ ᠰᠣᠶᠣᠯ ᠢᠷᠭᠡᠨᠰᠢᠯ ᠤᠨ ᠬᠠᠮᠲᠤᠷᠠᠯᠴᠠᠭᠠᠨ  ᠤ ᠬᠤᠪᠢᠶᠠᠷᠢ ᠵᠥᠪᠯᠡᠯ ᠤᠨ ᠲᠣᠭᠲᠠᠴᠠ ᠶᠢᠨ ᠲᠠᠪᠴᠠᠩ ᠢ ᠠᠰᠢᠭᠯᠠᠵᠤ᠂ ᠬᠤᠶᠠᠷ ᠲᠠᠯ᠎ᠠ ᠶᠢᠨ ᠬᠠᠮᠢᠶ᠎ᠠ  ᠪᠦᠬᠦᠢ ᠪᠠᠶᠢᠭᠤᠯᠭ᠎ᠠ ᠨᠢᠭᠡᠴᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠴᠢᠬᠤᠯᠠ ᠦᠷ᠎ᠡ ᠪᠦᠲᠦᠭᠡᠯ ᠤᠯᠪᠠ᠃ ᠳᠤᠮᠳᠠᠳᠤ ᠶᠢᠨ ᠬᠢᠨ ᠦᠽᠪᠧᠺᠰᠲ᠋ᠠᠨ ᠲᠠᠢ ᠬᠠᠮᠲᠤ ᠪᠠᠷ ᠨᠡᠩ ᠨᠢᠭᠲᠠ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠷ ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ ᠪᠠᠨ ᠦᠷᠭᠦᠯᠵᠢᠯᠡᠨ ᠪᠠᠬᠢᠵᠢᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠦᠷᠭᠦᠯᠵᠢᠯᠡᠨ ᠬᠥᠭᠵᠢᠬᠦ ᠶᠢ ᠠᠬᠢᠭᠤᠯᠤᠨ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠲᠠᠰᠤᠷᠠᠯᠳᠡ ᠦᠭᠡᠢ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃  ᠠᠷᠺᠢᠯᠤᠸᠠ᠂ ᠤᠢᠢᠷ᠎ᠠ ᠶᠢᠨ ᠵᠢᠯ ᠠᠴᠠ ᠨᠠᠭᠠᠰᠢ ᠬᠤᠶᠠᠷ ᠤᠯᠤᠰ ᠤᠨ ᠰᠣᠶᠣᠯ ᠢᠷᠭᠡᠨᠰᠢᠯ ᠤᠨ ᠬᠦᠷᠢᠶᠡᠨ ᠳᠤ ᠬᠢ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠲᠠᠢ᠂ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠪᠣᠯᠤᠨ ᠣᠶᠢᠯᠠᠭᠠᠯᠴᠠᠭ᠎ᠠ ᠶᠢ ᠬᠦᠴᠦᠲᠡᠢ ᠨᠡᠮᠡᠭᠳᠡᠭᠦᠯᠪᠡ᠃ ᠦᠽᠪᠧᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠤᠯᠠᠮ ᠴᠢᠨᠠᠭᠰᠢᠳᠠ ᠠᠭᠤᠳᠠᠯᠵᠤ᠂ ᠬᠠᠮᠲᠤᠷᠠᠯᠴᠠᠭᠠᠨ ᠤ ᠠᠭᠤᠯᠤᠭᠳᠠᠬᠤᠨ ᠢᠶᠠᠨ ᠪᠠᠶᠠᠯᠢᠭᠵᠢᠭᠤᠯᠤᠨ᠂ ᠬᠤᠶᠠᠷ ᠤᠯᠤᠰ ᠤᠨ ᠰᠣᠶᠣᠯ ᠢᠷᠭᠡᠨᠰᠢᠯ ᠤᠨ ᠶᠠᠪᠤᠯᠴᠠᠭᠠᠨ ᠤ ᠲᠠᠰᠤᠷᠠᠯᠲᠠ ᠦᠭᠡᠢ ᠰᠢᠨ᠎ᠡ ᠲᠦᠪᠰᠢᠨ ᠳᠤ ᠬᠦᠷᠬᠦ ᠶᠢ ᠠᠬᠢᠭᠤᠯᠤᠨ᠎ᠠ ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ 2019 ᠣᠨ ᠤ 8 ᠳ᠋ᠤᠭᠠᠷ ᠰᠠᠷ᠎ᠠ ᠳᠤ ᠳᠤᠮᠳᠠᠳᠤ ᠦᠽᠪᠧᠺᠰᠲ᠋ᠠᠨ ᠤ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠬᠤᠪᠢᠶᠠᠷᠢ ᠵᠥᠪᠯᠡᠯ ᠤᠨ ᠲᠠᠪᠤᠳᠤᠭᠠᠷ ᠤᠲᠠᠭᠠᠨ  ᠤ ᠬᠤᠷᠠᠯ ᠠᠴᠠ ᠨᠠᠭᠠᠰᠢᠬᠢ ᠬᠤᠶᠠᠷ ᠤᠯᠤᠰ ᠤᠨ ᠰᠣᠶᠣᠯ ᠤᠷᠠᠯᠢᠭ᠂ ᠵᠢᠭᠤᠯᠴᠢᠯᠠᠯ᠂ ᠰᠤᠷᠭᠠᠨ ᠬᠥᠮᠦᠵᠢᠯ᠂ ᠷᠠᠳᠢᠣ᠋ ᠺᠢᠨᠣ᠋ ᠲᠧᠯᠸᠢᠰ᠂ ᠰᠣᠶᠣᠯ ᠤᠨ ᠥᠪ ᠤᠨ ᠬᠠᠮᠠᠭᠠᠯᠠᠯᠲᠠ᠂ ᠪᠡᠶ᠎ᠡ  ᠶᠢᠨ ᠲᠠᠮᠢᠷ᠂ ᠡᠷᠡᠭᠦᠯ ᠬᠠᠮᠠᠭᠠᠯᠠᠯ᠂ ᠬᠡᠪᠯᠡᠯ᠂ ᠲᠠᠩᠰᠠ ᠡᠪᠬᠡᠮᠡᠯ᠂ ᠨᠡᠶᠢᠭᠡᠮ ᠤᠨ ᠰᠢᠨᠵᠢᠯᠡᠬᠦ ᠤᠬᠠᠭᠠᠨ᠂ ᠵᠠᠯᠠᠭᠤᠴᠤᠳ ᠤᠨ ᠲᠥᠷᠥ ᠶᠢᠨ ᠪᠣᠳᠣᠯᠭ᠎ᠠ᠂ ᠡᠮᠡᠭᠲᠡᠶᠢᠴᠦᠳ ᠤᠨ ᠦᠶᠯᠡᠰ᠂ ᠠᠷᠠᠳ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠳᠤ ᠬᠢ ᠰᠣᠯᠢᠯᠴᠠᠭ᠎ᠠ ᠬᠠᠮᠲᠤᠷᠠᠯᠴᠠᠭᠠᠨ ᠤ ᠪᠠᠶᠢᠳᠠᠯ ᠢᠶᠠᠨ ᠬᠠᠷᠢᠯᠴᠠᠨ ᠮᠡᠳᠡᠭᠳᠡᠭᠰᠡᠨ ᠪᠥᠭᠡᠳ ᠬᠤᠪᠢᠶᠠᠷᠢ ᠵᠥᠪᠯᠡᠯ ᠤᠨ ᠲᠠᠷᠠᠭᠠᠴᠢ ᠶᠢᠨ ᠠᠵᠢᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃      ᠬᠤᠷᠠᠯ ᠤᠨ ᠳᠠᠷᠠᠭ᠎ᠠ᠂ ᠵᠠᠩ ᠰᠢᠤᠢ ᠪᠣᠯᠤᠨ ᠠᠷᠺᠢᠯᠤᠸᠠ ᠬᠠᠮᠲᠤ ᠪᠠᠷ ᠰᠦᠯᠵᠢᠶᠡᠨ ᠳᠡᠭᠡᠷ᠎ᠡ ᠬᠤᠷᠠᠯ ᠤᠨ ᠲᠤᠪᠴᠢᠯᠠᠯ ᠳᠤ ᠭᠠᠷ ᠤᠨ ᠦᠰᠦᠭ ᠵᠢᠷᠤᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号