ᠳᠡᠳ᠋ ᠲᠢᠩᠬᠢᠮ ᠤᠨ ᠳᠠᠷᠤᠭ᠎ᠠ ᠢᠦᠢ ᡁᠢ ᠭᠦᠸᠧ ᠨᠠᠷ ᠪᠤᠭᠤᠲᠤ ᠶᠢᠨ ᠤᠷᠳᠤ ᠴᠠᠭᠠᠨ ᠬᠡᠷᠡᠮ ᠤᠨ ᠤᠯᠤᠰ  ᠤᠨ ᠰᠣᠶᠣᠯ ᠤᠨ ᠴᠡᠴᠡᠷᠯᠢᠭ ᠢ  ᠪᠦᠲᠦᠭᠡᠨ ᠪᠠᠶᠢᠭᠤᠯᠬᠤ ᠠᠵᠢᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/8
     3 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠨᠡᠷ ᠭᠦᠶᠡᠩ ᠰᠢᠶᠠᠨ ᠤ ᠴᠢᠨ ᠤᠯᠤᠰ ᠤᠨ ᠣᠷᠳᠣ ᠴᠠᠭᠠᠨ ᠬᠡᠷᠡᠮ ᠳᠤ ᠬᠦᠷᠴᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ  ᠤ ᠳᠡᠳ᠋ ᠲᠡᠷᠢᠭᠦᠯᠡᠭᠴᠢ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠹᠦ᠋ ᠮᠢᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᠵᠠᠩ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠭᠧ ᠮᠢᠩ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠪᠤᠭᠤᠲᠤ ᠬᠤᠲᠠ ᠶᠢᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠬᠠᠮᠲᠤ ᠪᠠᠷ ᠠᠬᠢᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠦᠶᠡᠩ ᠰᠢᠶᠠᠨ ᠤ ᠴᠢᠨ ᠤᠯᠤᠰ ᠤᠨ ᠣᠷᠳᠣ ᠴᠠᠭᠠᠨ ᠬᠡᠷᠡᠮ ᠤᠨ ᠭᠠᠩᠭᠠᠲᠤ ᠵᠢᠭᠤᠯᠴᠢᠯᠠᠯ ᠤᠨ ᠣᠷᠣᠨ ᠤ ᠰᠠᠭᠤᠷᠢ ᠪᠥᠲᠥᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠣᠷᠳᠣ ᠴᠠᠭᠠᠨ ᠬᠡᠷᠡᠮ ᠤᠨ ᠣᠭ ᠴᠣᠭᠴᠠ ᠶᠢ ᠬᠠᠮᠠᠭᠠᠯᠠᠨ ᠰᠡᠯᠪᠢᠨ ᠵᠠᠰᠠᠬᠤ᠂ ᠡᠷᠬᠢᠨ ᠲᠣᠭᠤᠷᠢᠨ ᠤ ᠵᠠᠮ ᠬᠠᠷᠢᠯᠴᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ  ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠲᠠᠷᠠᠭᠠᠴᠢ ᠶᠢᠨ ᠠᠵᠢᠯ ᠤᠨ ᠠᠷᠭ᠎ᠠ ᠬᠡᠯᠪᠡᠷᠢ ᠪᠠᠨ ᠰᠤᠲᠤᠯᠪᠠ᠃      ᠢᠦᠢ ᡁᠢ ᠭᠦᠸᠧ ᠭᠠᠩᠭᠠᠲᠤ ᠵᠢᠭᠤᠯᠴᠢᠯᠠᠯ ᠤᠨ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠵᠢᠴᠢ ᠤᠷᠲᠤ ᠴᠠᠭᠠᠨ ᠬᠡᠷᠡᠮ ᠢ ᠬᠠᠮᠠᠭᠠᠯᠠᠨ ᠠᠰᠢᠭᠯᠠᠬᠤ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠂ ᠲᠡᠷᠡ᠄ ᠨᠢᠭᠡ  ᠳᠤ᠂ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠢ ᠠᠮᠵᠢᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠶᠠᠷ  ᠲᠤ᠂ ᠤᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠤᠢ ᠪᠣᠯᠭᠠᠵᠤ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠡᠷᠡᠭᠲᠡᠢ᠃ ᠭᠤᠷᠪᠠ ᠳᠤ᠂ ᠵᠠᠮ ᠬᠠᠷᠢᠯᠴᠠᠭ᠎ᠠ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠵᠤ᠂ ᠲᠦᠷᠭᠡᠬᠡᠨ ᠰᠢᠢᠳᠪᠦᠷᠢᠯᠡᠬᠦ ᠲᠥᠰᠦᠯ ᠭᠠᠷᠭᠠᠬᠤ ᠬᠡᠷᠡᠭᠲᠡᠢ᠃ ᠳᠥᠷᠪᠡ ᠳᠤ᠂ ᠡᠷᠬᠢᠨ ᠲᠣᠭᠤᠷᠢᠨ ᠤ ᠪᠤᠰᠤᠳ ᠦᠵᠡᠮᠵᠢ ᠶᠢᠨ ᠣᠷᠣᠨ᠂ ᠦᠵᠡᠮᠵᠢ ᠶᠢᠨ ᠭᠠᠵᠠᠷ ᠢ ᠠᠭᠤᠰᠤᠯᠴᠠᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠦᠷᠢᠯᠲᠦᠭᠦᠯᠬᠦ ᠬᠡᠷᠡᠭᠲᠠᠢ ᠬᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠪᠤᠭᠤᠲᠤ ᠶᠢᠨ ᠮᠠᠶᠢᠳᠠᠷᠢ ᠵᠣᠣ᠂  ᠬᠤᠸᠠᠩ ᠡᠾᠧ  ᠶᠤᠤ ᠵᠡᠷᠭᠡ ᠦᠵᠡᠮᠵᠢ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠪᠡ᠃ ᠭᠦᠶᠡᠩ ᠰᠢᠶᠠᠨ ᠤ ᠴᠢᠨ ᠤᠯᠤᠰ  ᠤᠨ ᠣᠷᠳᠣ ᠴᠠᠭᠠᠨ ᠬᠡᠷᠡᠮ ᠨᠢ ᠪᠤᠭᠤᠲᠤ ᠬᠤᠲᠠ ᠶᠢᠨ ᠭᠦᠶᠡᠩ ᠰᠢᠶᠠᠨ ᠤ ᠳᠤᠮᠳᠠ ᠬᠡᠰᠡᠭ ᠲᠤ ᠪᠠᠶᠢᠷᠢᠰᠢᠵᠤ᠂ ᠮᠧᠩ ᠲᠢᠶᠠᠨ ᠠᠴᠠ ᠴᠢᠨ ᠱᠢ ᠬᠤᠸᠠᠩ ᠤᠨ ᠭᠤᠴᠢᠨ ᠭᠤᠷᠪᠠᠳᠤᠭᠠᠷ ᠣᠨ ( ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 214 ᠣᠨ ) ᠳᠤ ᠤᠮᠠᠷᠠᠰᠢ ᠾᠦᠩᠨᠦ ᠶᠢ ᠴᠣᠬᠢᠭᠰᠠᠨ ᠤ ᠳᠠᠷᠠᠭ᠎ᠠ ᠪᠠᠶᠢᠭᠤᠯᠵᠤ᠂ ᠪᠠᠷᠠᠭᠤᠨ ᠬᠠᠨ ᠤᠯᠤᠰ  ᠤᠨ ᠦᠶ᠎ᠡ ᠳᠤ ᠵᠠᠰᠠᠵᠤ ᠠᠰᠢᠭᠯᠠᠭᠠᠳ ᠨᠢᠭᠡᠨᠲᠡ ᠬᠤᠶᠠᠷ ᠮᠢᠩᠭ᠎ᠠ ᠭᠠᠷᠤᠶ ᠵᠢᠯ ᠤᠨ ᠲᠡᠦᠬᠡ ᠲᠠᠢ᠃ ᠣᠳᠣ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠶᠢᠵᠤ᠂ ᠥᠨᠳᠥᠷ ᠲᠣᠮᠣ ᠴᠢᠯᠠᠭᠤᠨ ᠬᠡᠷᠡᠮ ᠲᠠᠢ ᠪᠠᠷ ᠢᠶᠠᠨ ᠳᠤᠮᠳᠠᠳᠤ ᠤᠯᠤᠰ ᠤᠨ ᠦᠶ᠎ᠡ ᠦᠶ᠎ᠡ ᠶᠢᠨ ᠤᠷᠲᠤ ᠴᠠᠭᠠᠨ ᠬᠡᠷᠡᠮ  ᠤᠨ ᠲᠤᠮᠲᠠ ᠦᠪᠡᠷᠮᠢᠴᠡ ᠤᠨᠴᠠᠯᠢᠭ ᠲᠠᠢ ᠪᠠᠶᠢᠵᠤ᠂ ᠮᠠᠨ ᠤ ᠤᠯᠤᠰ ᠤᠨ ᠡᠷᠲᠡᠨ ᠤ ᠦᠶ᠎ᠡ ᠶᠢᠨ ᠤᠷᠲᠤ ᠴᠠᠭᠠᠨ ᠬᠡᠷᠡᠮ ᠤᠨ ᠨᠡᠶᠢᠲᠡᠯᠢᠭ ᠲᠥᠯᠥᠭᠡᠯᠡᠭᠴᠢ᠂ ᠳᠤᠮᠳᠠᠳᠤ ᠶᠢᠨ ᠦᠨᠳᠦᠰᠦᠲᠡᠨ ᠤ ᠭᠡᠷᠡᠯ ᠰᠠᠴᠤᠷᠠᠩᠭᠤᠶ ᠰᠣᠶᠣᠯ ᠤᠨ ᠨᠢᠭᠡᠨ ᠭᠢᠯᠠᠰ ᠴᠡᠭ ᠪᠣᠯᠤᠭᠰᠠᠨ ᠪᠠᠶᠢᠨ᠎ᠠ᠃ ᠣᠳᠣᠬᠠᠨ ᠳᠤ᠂ ᠭᠦᠶᠡᠩ ᠰᠢᠶᠠᠨ ᠤ ᠴᠢᠨ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠨᠢᠭᠡᠨᠲᠡ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ ᠪᠠᠶᠢᠭᠤᠯᠬᠤ ᠨᠡᠷᠡᠰ ᠲᠤ ᠵᠢᠭᠰᠠᠭᠠᠭᠳᠠᠪᠠ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号