︽ᠥᠪᠥᠷ ᠮᠣᠩᠭᠤᠯ ᠤᠨ ᠮᠢᠩ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠷᠡᠯ ᠵᠢᠷᠤᠭ ᠤᠨ ᠦᠵᠡᠰᠬᠦᠯᠡᠩ︾ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2021/4/8
    3 ᠳ᠋ᠤᠭᠠᠷ ᠰᠠᠷ᠎ᠠ ᠶᠢᠨ 30 ᠤ ᠡᠳᠦᠷ᠂ ︽ᠥᠪᠥᠷ ᠮᠣᠩᠭᠤᠯ ᠤᠨ ᠮᠢᠩ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠷᠡᠯ ᠵᠢᠷᠤᠭ ᠤᠨ ᠦᠵᠡᠰᠬᠦᠯᠡᠩ︾ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃      ᠲᠣᠰ ᠤᠳᠠᠭᠠᠨ ᠤ ᠦᠵᠡᠰᠬᠦᠯᠡᠩ ᠳᠤ 100 ᠬᠡᠷᠡᠯ ᠵᠢᠷᠤᠭ ᠤᠨ ᠪᠦᠲᠦᠭᠡᠯ ᠢ ᠰᠣᠩᠭᠤᠨ ᠭᠠᠷᠭᠠᠵᠤ᠂ ᠬᠡᠷᠡᠯ ᠵᠢᠷᠤᠭᠴᠢᠨ ᠤ ᠥᠪᠡᠷᠮᠢᠴᠡ ᠬᠠᠷᠠᠭᠠᠰᠤ᠂ ᠰᠡᠷᠭᠡᠭ ᠮᠡᠳᠡᠷᠡᠮᠵᠢ᠂ ᠨᠠᠷᠢᠯᠢᠭ ᠰᠠᠶᠢᠬᠠᠨ ᠤᠷ᠎ᠠ ᠮᠡᠷᠭᠡᠵᠢᠯ᠂ ᠡᠯᠪᠡᠭ ᠪᠠᠶᠠᠯᠢᠭ ᠥᠩᠭᠡ ᠪᠤᠳᠤᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠠᠤᠭ᠎ᠠ ᠰᠦᠷᠯᠢᠭ ᠦᠵᠡᠮᠵᠢ ᠪᠠ ᠲᠡᠦᠬᠡ ᠶᠢᠨ ᠤᠯᠠᠷᠢᠯ ᠬᠤᠪᠢᠰᠤᠯᠲᠠ ᠶᠢ ᠲᠣᠭᠤᠷᠢᠨ ᠦᠵᠡᠭᠴᠢᠳ ᠲᠤ ᠳᠡᠯᠭᠡᠨ ᠦᠵᠡᠭᠦᠯᠵᠡᠶ᠃ ᠦᠵᠡᠰᠬᠦᠯᠡᠩ ᠨᠢ ᠠᠩᠬ᠎ᠠ ᠤᠳᠠᠭ᠎ᠠ ᠣᠷᠳᠣ ᠴᠠᠭᠠᠨ ᠬᠡᠷᠡᠮ ᠤᠨ ᠤᠷᠠᠯᠢᠭ ᠬᠡᠷᠡᠯ ᠵᠢᠷᠤᠭ ᠤᠨ ᠬᠡᠯᠪᠡᠷᠢ ᠪᠠᠷ ᠳᠠᠮᠵᠢᠭᠤᠯᠵᠤ᠂ ᠥᠪᠥᠷ ᠮᠣᠩᠭᠤᠯ ᠤᠨ ᠮᠢᠩ ᠤᠯᠤᠰ ᠤᠨ ᠣᠷᠳᠣ ᠴᠠᠭᠠᠨ ᠬᠡᠷᠡᠮ ᠤᠨ 5 ᠠᠶᠢᠮᠠᠭ ᠬᠤᠲᠠ 9 ᠬᠤᠰᠢᠭᠤ ᠰᠢᠶᠠᠨ ᠢ ᠰᠤᠨᠳᠠᠯᠠᠭᠰᠠᠨ ᠥᠪᠡᠷᠮᠢᠴᠡ ᠰᠣᠶᠣᠯ ᠤᠨ ᠷᠢᠳᠢ ᠰᠢᠳᠢ ᠪᠠ ᠣᠶᠤᠨ ᠰᠠᠨᠠᠭᠠᠨ ᠤ ᠴᠤᠭ ᠵᠢᠪᠬᠤᠭ᠎ᠠ ᠶᠢ ᠪᠥᠬᠦ ᠲᠠᠯ᠎ᠠ ᠪᠠᠷ ᠢᠯᠡᠷᠡᠭᠦᠯᠪᠡ᠃      ᠲᠣᠰ ᠤᠳᠠᠭᠠᠨ ᠤ ᠦᠵᠡᠰᠬᠦᠯᠡᠩ ᠨᠢ ︽ᠣᠷᠳᠣ ᠴᠠᠭᠠᠨ ᠬᠡᠷᠡᠮ ᠤᠨ ᠰᠣᠶᠣᠯ ᠢ ᠪᠠᠳᠠᠷᠠᠭᠤᠯᠵᠤ᠂ ᠣᠷᠳᠣ ᠴᠠᠭᠠᠨ ᠬᠡᠷᠡᠮ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠣᠷᠳᠣ ᠴᠠᠭᠠᠨ ᠬᠡᠷᠡᠮ ᠤᠨ ᠭᠤᠸ᠎ᠠ ᠰᠠᠶᠢᠬᠠᠨ  ᠢ ᠳᠡᠯᠭᠡᠨ ᠦᠵᠡᠭᠦᠯᠵᠦ᠂ ᠣᠷᠳᠣ ᠴᠠᠭᠠᠨ ᠬᠡᠷᠡᠮ ᠤᠨ ᠥᠯᠢᠭᠡᠷ ᠢ ᠰᠠᠶᠢᠲᠤᠷ ᠶᠠᠷᠢᠵᠤ︾᠂ ᠪᠥᠬᠦ ᠨᠡᠶᠢᠭᠡᠮ ᠳᠤ ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠵᠢᠭᠤᠯᠴᠢᠯᠠᠯ ᠤᠨ ᠬᠡᠰᠡᠭ ᠤᠨ ᠠᠭᠤᠯᠤᠭᠳᠠᠬᠤᠨ᠂ ᠨᠠᠷᠢᠨ ᠠᠭᠤᠯᠭ᠎ᠠ ᠪᠠ ᠳᠠᠪᠠᠭᠤᠯᠢᠭ ᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ᠥᠪᠥᠷ ᠮᠣᠩᠭᠤᠯ ᠤᠨ ᠣᠷᠳᠣ ᠴᠠᠭᠠᠨ ᠬᠡᠷᠡᠮ  ᠤᠨ ᠵᠢᠭᠤᠯᠴᠢᠯᠠᠯ ᠤᠨ ᠬᠡᠰᠡᠭ ᠤᠨ ᠪᠥᠬᠦ ᠤᠯᠤᠰ ᠴᠢᠨᠠᠭᠰᠢᠯᠠᠪᠠᠯ ᠪᠥᠬᠦ ᠳᠡᠯᠡᠬᠡᠶ ᠳᠤ ᠬᠢ ᠠᠯᠳᠠᠷᠰᠢᠯ ᠪᠠ ᠨᠥᠯᠥᠭᠡᠯᠡᠬᠦ ᠬᠦᠴᠦᠨ ᠢ ᠠᠬᠢᠭᠤᠯᠬᠤ ᠪᠠᠷ ᠵᠣᠷᠢᠯᠭ᠎ᠠ ᠪᠠᠨ ᠪᠤᠯᠭᠠᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣ ᠴᠠᠭᠠᠨ ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠮᠢᠩ ᠤᠯᠤᠰ ᠤᠨ ᠣᠷᠳᠣ ᠴᠠᠭᠠᠨ ᠬᠡᠷᠡᠮ ᠤᠨ ᠪᠥᠬᠦ ᠣᠷᠳᠣ ᠨᠢ 706 ᠺᠢᠯᠣᠮᠧᠲᠷ ᠪᠣᠯᠤᠨ᠎ᠠ᠃ ᠤᠷᠲᠤ ᠴᠠᠭᠠᠨ ᠬᠡᠷᠡᠮ ᠳᠠᠭᠠᠤ ᠬᠠᠨᠠᠨ ᠲᠠᠶᠢᠰᠠ 670᠂ ᠰᠢᠷᠤᠢ ᠶᠢᠨ ᠲᠤᠪᠵᠢᠶ᠎ᠠ 366᠂ ᠬᠡᠷᠡᠮ ᠤᠨ ᠪᠤᠰᠤᠳ ᠪᠠᠷᠢᠯᠭ᠎ᠠ 5᠂ ᠴᠣᠨᠵᠢ 391᠂ ᠬᠤᠸᠠᠷᠠᠨ 1᠂ ᠪᠠᠬᠢᠯᠡᠯᠲᠡ 23᠂ ᠬᠠᠯᠬᠠᠪᠴᠢ ᠬᠡᠷᠡᠮ 8 ᠬᠡᠰᠡᠭ᠂ ᠲᠣᠭᠤᠰᠬᠠᠨ ᠵᠣᠭᠤᠷᠢ 2᠂ ᠴᠢᠯᠠᠭᠤ ᠭᠠᠷᠭᠠᠬᠤ ᠲᠠᠯᠠᠪᠤᠷ 2 ᠵᠡᠷᠭᠡ ᠪᠠᠶᠢᠳᠠᠭ᠃      ᠲᠣᠰ ᠤᠳᠠᠭᠠᠨ ᠤ ᠦᠵᠡᠰᠬᠦᠯᠡᠩ ᠢ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠭᠡᠮᠯᠢᠭ᠂ ᠥᠪᠥᠷ ᠮᠣᠩᠭᠤᠯ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠠᠬᠠᠮᠠᠳ ᠬᠡᠷᠡᠯ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠷᠠᠯᠢᠭ ᠬᠡᠷᠡᠯ ᠵᠢᠷᠤᠭ ᠤᠨ ᠨᠡᠶᠢᠭᠡᠮᠯᠢᠭ᠂ ᠥᠪᠥᠷ ᠮᠣᠩᠭᠤᠯ ᠤᠨ ᠵᠢᠭᠤᠯᠴᠢᠯᠠᠯ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠬᠥᠬᠡᠬᠤᠲᠠ ᠶᠢᠨ ᠬᠡᠷᠡᠯ ᠵᠢᠷᠤᠭᠴᠢᠳ ᠤᠨ ᠡᠪᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠪᠡ᠃ ᠦᠵᠡᠰᠬᠦᠯᠡᠩ ᠨᠢ 4 ᠳ᠋ᠤᠭᠡᠷ ᠰᠠᠷ᠎ᠠ  ᠶᠢᠨ 5 ᠤ ᠡᠳᠦᠷ ᠪᠣᠯᠲᠠᠯ᠎ᠠ ᠦᠷᠭᠦᠯᠵᠢᠯᠡᠵᠦ᠂ ᠨᠡᠶᠢᠭᠡᠮ ᠤᠨ ᠡᠯ᠎ᠡ ᠡᠲᠡᠭᠡᠳ ᠲᠤ ᠦᠨ᠎ᠡ ᠲᠥᠯᠥᠪᠦᠷᠢ ᠦᠭᠡᠢ ᠪᠠᠷ ᠨᠡᠭᠡᠭᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号