ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠩᠰᠢ ᠶᠢᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠬᠠᠯᠠᠭᠤᠨ ᠰᠠᠨᠠᠭᠤᠯᠤᠮᠵᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/4/8
     2021 ᠣᠨ ᠤ ᠬᠠᠩᠰᠢ ᠶᠢᠨ ᠠᠮᠠᠷᠠᠯᠲᠠ ᠶᠢᠨ ᠡᠳᠦᠷ ᠤᠳᠠᠯ ᠥᠬᠡᠶ ᠬᠦᠷᠴᠦ ᠢᠷᠡᠬᠦ ᠪᠣᠯᠤᠯ᠎ᠠ᠂ ᠥᠷᠭᠡᠨ ᠣᠯᠠᠨ ᠵᠢᠭᠤᠯᠴᠢᠯᠠᠭᠴᠢᠳ ᠤᠨ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠰᠡᠳᠭᠢᠯ ᠲᠡᠨᠢᠭᠦᠨ ᠵᠣᠷᠴᠢᠨ ᠠᠶᠠᠯᠠᠵᠤ᠂ ᠰᠠᠨᠠᠭ᠎ᠠ ᠠᠮᠤᠷ ᠶᠠᠪᠤᠵᠤ ᠰᠠᠭᠤᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠥᠷᠭᠡᠨ ᠣᠯᠠᠨ ᠵᠢᠭᠤᠯᠴᠢᠯᠠᠭᠴᠢᠳ ᠲᠤ ᠪᠣᠯᠪᠠᠰᠤᠨ ᠢᠶᠠᠷ ᠵᠤᠭᠠᠯᠠᠨ᠂ ᠤᠬᠠᠭᠠᠯᠢᠭ ᠢᠶᠠᠷ ᠪᠦᠯᠬᠦᠮ ᠳᠤ ᠣᠷᠤᠯᠴᠠᠵᠤ᠂ ᠵᠣᠬᠢᠰ ᠦᠭᠡᠢ ᠬᠢᠮᠳᠠᠷᠠᠯ ᠲᠠᠢ ᠵᠢᠭᠤᠯᠴᠢᠯᠠᠯ ᠢ ᠤᠬᠠᠮᠰᠠᠷ ᠠᠴᠠ ᠪᠠᠨ ᠬᠤᠷᠢᠭᠯᠠᠬᠤ ᠶᠢ ᠰᠠᠨᠠᠭᠤᠯᠪᠠ᠃      ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠬᠤ ᠦᠭᠡᠢ᠃ ᠵᠢᠭᠤᠯᠴᠢᠯᠠᠯ  ᠤᠨ ᠵᠣᠷᠢᠭᠰᠠᠨ ᠭᠠᠵᠠᠷ ᠲᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠤᠷᠢᠳᠴᠢᠯᠠᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠨ᠂ ᠦᠵᠡᠮᠵᠢ ᠶᠢᠨ ᠣᠷᠣᠨ  ᠤ ︽ᠤᠷᠢᠳᠴᠢᠯᠠᠨ ᠪᠣᠯᠵᠣᠬᠤ︾᠂ ︽ᠣᠷᠭᠢᠯ ᠤᠨ ᠬᠤᠭᠤᠴᠠᠭ᠎ᠠ ᠶᠢ ᠵᠥᠷᠢᠭᠦᠯᠬᠦ︾᠂ ︽ᠤᠷᠤᠰᠬᠠᠯ ᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠳᠠᠭᠠᠵᠤ᠂ ᠠᠵᠢᠯᠲᠠᠨ ᠤ ᠬᠥᠲᠥᠯᠥᠨ ᠵᠢᠯᠤᠭᠤᠳᠤᠯ᠂ ᠢᠳᠬᠠᠨ ᠰᠠᠨᠠᠭᠤᠯᠤᠯ  ᠢ ᠰᠣᠨᠤᠰᠬᠤ ᠬᠡᠷᠡᠭᠲᠡᠶ᠃      ᠬᠤᠶᠠᠷ᠂ ᠠᠮᠤᠷ ᠲᠦᠪᠰᠢᠨ ᠤ ᠤᠬᠠᠮᠰᠠᠷ ᠢ ᠪᠠᠲᠤᠵᠢᠭᠤᠯᠬᠤ ᠬᠡᠷᠡᠭᠲᠡᠢ᠃ ᠥᠪᠡᠷ ᠤᠨ ᠢᠶᠠᠨ ᠨᠠᠰᠤ ᠬᠢᠭᠡᠳ ᠪᠡᠶ᠎ᠡ ᠶᠢᠨ ᠪᠠᠶᠢᠳᠠᠯ ᠳᠤ ᠪᠠᠨ ᠦᠨᠳᠦᠰᠦᠯᠡᠨ᠂ ᠬᠢᠷᠢ ᠳᠣᠲᠣᠷ᠎ᠠ ᠪᠠᠨ ᠬᠢᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠥᠪᠡᠷ ᠢᠶᠠᠨ ᠮᠠᠰᠢᠨ ᠵᠢᠯᠣᠭᠤᠳᠴᠤ ᠶᠠᠪᠤᠬᠤ ᠵᠢᠭᠤᠯᠴᠢᠯᠠᠭᠴᠢᠳ ᠵᠠᠮ ᠱᠤᠭᠤᠮ ᠢᠶᠠᠨ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠭᠸᠤᠯᠤᠭᠢ ᠶᠢᠨ ᠭᠠᠮᠰᠢᠭ ᠣᠯᠠᠨ ᠡᠭᠦᠰᠳᠡᠭ ᠭᠠᠵᠠᠷ ᠵᠢᠴᠢ ᠰᠦᠯᠵᠢᠶᠡᠨ ᠤ ᠴᠣᠣᠲᠤ ᠦᠵᠡᠮᠵᠢ ᠶᠢᠨ ᠴᠡᠭ ᠠᠴᠠ ᠵᠠᠶᠢᠯᠠᠰᠬᠢᠨ᠂ ᠪᠠᠶᠠᠷ ᠬᠥᠷ ᠲᠠᠢ ᠵᠢᠭᠤᠯᠴᠢᠯᠠᠵᠤ᠂ ᠠᠮᠤᠷ ᠲᠦᠪᠰᠢᠨ ᠢᠶᠠᠷ ᠭᠡᠷ ᠲᠤ ᠪᠠᠨ ᠬᠠᠷᠢᠬᠤ ᠬᠡᠷᠡᠭᠲᠡᠶ᠃      ᠭᠤᠷᠪᠠ᠂ ᠠᠷᠪᠢᠴᠢ ᠬᠢᠮᠠᠭᠠᠴᠢ ᠬᠡᠮᠲᠡᠢ ᠭᠠᠮᠲᠠᠢ ᠪᠠᠶᠢᠬᠤ ᠬᠡᠷᠡᠭᠲᠡᠢ᠃ ᠬᠡᠷᠡᠭᠴᠡᠭᠡ ᠪᠠᠷ ᠢᠶᠠᠨ ᠬᠤᠭᠤᠯᠠ ᠵᠠᠬᠢᠶᠠᠯᠠᠨ᠂ ᠬᠡᠷᠡᠭᠴᠡᠭᠡ ᠪᠠᠷ ᠢᠶᠠᠨ ᠬᠤᠭᠤᠯᠠ ᠠᠪᠴᠤ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠵᠣᠭᠤᠭᠯᠠᠨ᠂ ᠵᠡᠷᠯᠢᠭ ᠠᠮᠢᠲᠠᠳ ᠤᠨ ᠮᠢᠬ᠎ᠠ ᠶᠢ ᠦᠯᠦ ᠢᠳᠡᠲᠦᠭᠡᠢ᠃ ᠬᠤᠭᠤᠯᠠᠯᠠᠬᠤ ᠶᠠᠪᠤᠴᠠ ᠳᠤ ᠪᠠᠨ᠂ ᠨᠡᠶᠢᠲᠡ ᠶᠢᠨ ᠬᠠᠯᠪᠠᠭ᠎ᠠ ᠰᠠᠪᠬ᠎ᠠ ᠵᠠᠷᠤᠨ᠂ ᠪᠣᠯᠬᠤ ᠶᠢᠨ ᠳᠣᠲᠣᠷ᠎ᠠ ᠲᠤᠰ ᠲᠤ ᠪᠠᠨ ᠠᠶᠠᠭᠠᠯᠠᠨ ᠬᠤᠭᠤᠯᠠᠯᠠᠵᠤ᠂ ᠪᠠᠭ᠎ᠠ ᠬᠡᠮᠵᠢᠶᠡᠯᠡᠭᠰᠡᠨ ᠬᠤᠭᠤᠯᠠ ᠠᠪᠴᠤ ᠢᠳᠡᠭᠡᠷᠡᠢ᠃ ᠠᠷᠪᠢᠴᠢ ᠬᠢᠮᠠᠭᠠᠴᠢ ᠬᠡᠮᠲᠡᠢ ᠭᠠᠮᠲᠠᠢ ᠪᠠᠶᠢᠬᠤ ᠶᠢ ᠰᠠᠨᠠᠭᠠᠴᠢᠯᠠᠵᠤ᠂ ︽ᠬᠤᠭᠤᠰᠤᠯᠠᠵᠤ ᠢᠳᠡᠬᠦ ᠠᠵᠢᠯᠯᠠᠭ᠎ᠠ︾ ᠶᠢ ᠦᠢᠯᠡᠳᠦᠯᠭᠡᠵᠢᠭᠦᠯᠦᠨ᠂ ᠬᠤᠭᠤᠯᠠ ᠤᠮᠳᠠ ᠪᠦᠷᠢᠯᠬᠡᠬᠦ ᠶᠢ ᠡᠷᠡᠰ ᠲᠡᠪᠴᠢᠬᠦ ᠬᠡᠷᠡᠭᠲᠡᠢ᠃      ᠲᠦᠷᠪᠡ᠂ ᠰᠢᠨᠵᠢᠯᠡᠬᠦ ᠤᠬᠠᠭᠠᠨᠴᠢ ᠪᠦᠭᠡᠳ ᠤᠬᠠᠭᠠᠯᠢᠭ ᠢᠶᠠᠷ ᠬᠡᠷᠡᠭᠯᠡᠭᠡ ᠬᠢᠬᠦ ᠬᠡᠷᠡᠭᠲᠡᠢ᠃ ᠬᠠᠤᠯᠢ ᠶᠣᠰᠣᠨ  ᠤ᠂ ᠴᠢᠨᠠᠷ ᠰᠠᠶᠢᠲᠠᠶ᠂ ᠦᠨᠡᠨᠴᠢ ᠢᠲᠡᠭᠡᠮᠵᠢᠲᠡᠶ ᠵᠢᠭᠤᠯᠴᠢᠯᠠᠯ ᠤᠨ ᠭᠠᠵᠠᠷ ᠢ ᠰᠤᠩᠭᠤᠨ᠂ ᠰᠢᠨᠵᠢᠯᠡᠬᠦ ᠤᠬᠠᠭᠠᠨᠴᠢ ᠪᠥᠭᠡᠳ ᠤᠬᠠᠭᠠᠯᠢᠭ ᠢᠶᠠᠷ ᠬᠡᠷᠡᠭᠯᠡᠭᠡ ᠬᠢᠵᠦ᠂ ᠵᠣᠬᠢᠰ ᠦᠭᠡᠶ   ᠬᠢᠮᠳᠠᠷᠠᠯ ᠲᠠᠢ ᠵᠢᠭᠤᠯᠴᠢᠯᠠᠯ ᠢ ᠤᠬᠠᠮᠰᠠᠷ ᠠᠴᠠ  ᠪᠠᠨ ᠬᠤᠷᠢᠭᠯᠠᠨ᠂ ᠵᠢᠭᠤᠯᠴᠢᠯᠠᠯ ᠤᠨ ᠭᠠᠵᠠᠷ ᠠᠴᠠ ᠳᠤᠷᠠᠰᠬᠠᠯ ᠤᠨ ᠡᠳ᠋ ᠪᠤᠶᠤ ᠣᠨᠴᠠ ᠭᠠᠷᠤᠯᠲᠠ  ᠬᠤᠳᠠᠯᠳᠤᠵᠤ ᠠᠪᠤᠨ᠂  ᠤᠬᠠᠭᠠᠯᠢᠭ ᠢᠶᠠᠷ ᠬᠡᠷᠡᠭᠯᠡᠭᠡ ᠬᠢᠵᠦ᠂ ᠰᠣᠬᠤᠷ ᠪᠠᠯᠠᠶ᠂ ᠬᠡᠶᠢᠷᠬᠡᠬᠦ ᠠᠴᠠ ᠵᠠᠶᠢᠯᠠᠰᠬᠢᠬᠦ ᠬᠡᠷᠡᠭᠲᠡᠶ᠃      ᠲᠠᠪᠤ᠂ ᠨᠡᠶᠢᠲᠡ ᠶᠢᠨ ᠡᠮᠬᠢ ᠵᠢᠷᠤᠮ ᠬᠢᠭᠡᠳ ᠰᠠᠶᠢᠨ ᠰᠠᠶᠢᠬᠠᠨ ᠵᠠᠩ ᠳᠠᠳᠬᠠᠯ ᠢ ᠵᠢᠷᠤᠮᠯᠠᠬᠤ ᠬᠡᠷᠡᠭᠲᠡᠢ᠃ ᠪᠣᠯᠪᠠᠰᠤᠨ ᠤ ᠤᠬᠠᠮᠰᠠᠷ ᠲᠠᠢ ᠪᠣᠯᠵᠤ᠂ ᠨᠡᠶᠢᠲᠡ ᠶᠢᠨ ᠡᠮᠬᠢ ᠵᠢᠷᠤᠮ ᠢ ᠵᠢᠷᠤᠮᠯᠠᠨ᠂ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠨ ᠪᠠᠲᠤᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠡᠷᠲᠡᠨ ᠤ ᠦᠯᠡᠳᠡᠭᠳᠡᠯ ᠢ ᠬᠠᠮᠠᠭᠠᠯᠠᠨ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠨᠠᠨᠳᠢᠩᠨᠠᠵᠤ᠂ ᠪᠤᠰᠤᠳ ᠤᠨ ᠡᠷᠬᠡ ᠶᠢ ᠬᠦᠨᠳᠦᠳᠬᠡᠬᠦ ᠬᠡᠷᠡᠭᠲᠡᠢ᠃ ᠬᠥᠳᠡᠯᠵᠦ ᠪᠠᠷᠢᠬᠤ ᠳᠤ ᠪᠠᠨ ᠡᠪᠯᠢᠭ᠂ ᠪᠣᠯᠪᠠᠰᠤᠨ ᠲᠣᠮᠤᠭ᠎ᠠ ᠲᠠᠢ ᠶᠣᠰᠣᠷᠬᠠᠭ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠢᠭᠤᠯᠴᠢᠯᠠᠭᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠲᠦᠭᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ'
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号