ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠡᠵᠡᠩᠨᠡᠬᠦ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/8
     ᠪᠥᠬᠦ ᠣᠷᠣᠨ ᠤ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ 《 ᠵᠦᠶ ᠵᠣᠬᠢᠰ ᠥᠬᠡᠶ ᠳᠣᠤᠷ᠎ᠠ ᠦᠨ᠎ᠡ ᠶᠢᠨ ᠵᠢᠭᠤᠯᠴᠢᠯᠠᠯ 》 ᠵᠡᠷᠭᠡ ᠲᠣᠪᠣᠶᠢᠮ᠎ᠠ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ ᠬᠤᠷᠢᠶᠠᠨ  ᠤ ᠲᠤᠬᠠᠶᠢᠯᠠᠭᠰᠠᠨ ᠠᠵᠢᠯ  ᠡᠵᠡᠩᠨᠡᠬᠦ ᠵᠡᠷᠭᠡ ᠬᠠᠤᠯᠢ ᠲᠣᠭᠲᠠᠭᠠᠯ ᠠᠴᠠ ᠵᠤᠷᠢᠴᠡᠭᠰᠡᠨ ᠡᠵᠡᠩᠨᠡᠯᠲᠡ  ᠶᠢᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠶᠢᠨ ᠲᠥᠯᠥᠭᠡ᠂《 ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ  ᠬᠤᠷᠢᠶᠠᠨ  ᠤ ᠲᠤᠬᠠᠶᠢᠯᠠᠭᠰᠠᠨ ᠠᠵᠢᠯ ᠡᠵᠡᠩᠨᠡᠬᠦ ᠢ  ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠰᠣᠶᠣᠯ ᠪᠠ ᠵᠢᠭᠤᠯᠴᠢᠯᠠᠯ ᠤᠨ ᠶᠠᠮᠤᠨ ᠤ ᠮᠡᠳᠡᠭᠳᠡᠯ 》 ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2021 ᠣᠨ ᠤ 3  ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ ᠪᠥᠬᠦ ᠣᠷᠣᠨ  ᠳᠤ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ  ᠬᠤᠷᠢᠶᠠᠨ ᠤ ᠲᠤᠬᠠᠶᠢᠯᠠᠭᠰᠠᠨ ᠠᠵᠢᠯ  ᠡᠵᠡᠩᠨᠡᠬᠦ  ᠶᠢ  ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃      ᠲᠣᠰ ᠤᠳᠠᠭᠠᠨ ᠤ ᠲᠤᠰᠬᠠᠶ ᠠᠵᠢᠯᠯᠠᠭ᠎ᠠ  ᠳᠤ  ᠭᠤᠤᠯᠳᠠᠭᠤ  ᠄ ᠨᠢᠭᠡ ᠳᠤ᠂ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ  ᠬᠤᠷᠢᠶᠠᠨ  ᠤ ᠲᠤᠬᠠᠶᠢᠯᠠᠭᠰᠠᠨ ᠠᠵᠢᠯ  ᠡᠵᠡᠩᠨᠡᠵᠦ᠂ ᠰᠦᠶᠳᠬᠡᠯ ᠬᠤᠷᠢᠶᠠᠬᠤ ᠥᠬᠡᠶ ᠪᠠᠷ  ᠵᠢᠭᠤᠯᠴᠢᠯᠠᠭᠤᠯᠬᠤ᠂ ᠪᠠᠷᠠᠭ᠎ᠠ ᠬᠤᠳᠠᠯᠳᠤᠨ ᠠᠪᠬᠤ ( ᠭᠡᠰᠢᠭᠦᠨ ) ᠪᠠᠷ ᠵᠢᠭᠤᠯᠴᠢᠯᠠᠯ ᠬᠦᠷᠭᠡᠬᠦ᠂ ᠵᠢᠭᠤᠯᠴᠢᠯᠠᠯ ᠢᠶᠠᠷ ᠪᠡᠯᠡᠭ ᠰᠡᠯᠲᠡ ᠬᠦᠷᠭᠡᠬᠦ ᠵᠡᠷᠭᠡ ᠨᠡᠷ᠎ᠡ ᠪᠠᠷ ᠪᠤᠶᠤ ᠺᠯᠦ᠋ᠪ᠂ ᠡᠷᠡᠭᠦᠯᠵᠢᠯ ᠰᠤᠪᠢᠯᠠᠯᠲᠠ ᠶᠢᠨ ᠠᠵᠢᠯᠯᠠᠭ᠎ᠠ᠂《 ᠨᠢᠭᠡ ᠡᠳᠦᠷ ᠤᠨ ᠵᠢᠭᠤᠯᠴᠢᠯᠠᠯ 》᠂ 《 ᠡᠷᠬᠢᠨ ᠲᠣᠭᠤᠷᠢᠨ ᠤ ᠵᠢᠭᠤᠯᠴᠢᠯᠠᠯ 》ᠵᠡᠷᠭᠡ ᠬᠡᠯᠪᠡᠷᠢ ᠪᠠᠷ ᠵᠢᠭᠤᠯᠴᠢᠯᠠᠭᠴᠢ  ᠶᠢ ᠲᠠᠲᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ  ︔ ᠬᠤᠶᠠᠷ ᠲᠤ᠂ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ  ᠬᠤᠷᠢᠶᠠᠨ  ᠤ ᠲᠤᠬᠠᠶᠢᠯᠠᠭᠰᠠᠨ ᠠᠵᠢᠯ  ᠡᠵᠡᠩᠨᠡᠵᠦ᠂ ᠸᠢᠴᠠᠲ᠂ ᠢᠨᠲ᠋ᠧᠷ ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠢᠭᠤᠯᠴᠢᠯᠠᠭᠴᠢ ᠶᠢ ᠲᠠᠲᠠᠵᠤ ᠠᠪᠴᠢᠷᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ  ᠶᠢ ᠴᠡᠭᠴᠡᠯᠡᠨ ᠵᠠᠰᠠᠨ᠎ᠠ᠃      ᠴᠡᠭᠴᠡᠯᠡᠨ ᠵᠠᠰᠠᠬᠤ ᠲᠤᠰᠬᠠᠶ  ᠠᠵᠢᠯᠯᠠᠭᠠᠨ  ᠤ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ  ᠤᠳ ᠲᠣᠭᠤᠷᠢᠨ ᠪᠠᠶᠢᠴᠠᠭᠠᠯᠲᠠ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠵᠠᠭᠠᠯᠳᠤᠵᠤ ᠢᠯᠡᠴᠢᠯᠡᠬᠦ᠂ ᠵᠠᠬᠢᠳᠠᠯ ᠰᠤᠷᠪᠤᠯᠵᠢᠯᠠᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠴᠤᠭᠯᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠥᠪᠰᠢᠶᠡᠷᠡᠯ ᠥᠬᠡᠶ ᠪᠠᠷ ᠵᠢᠭᠤᠯᠴᠢᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠡᠵᠡᠩᠨᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ  ᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠷᠪᠠᠳᠠᠬᠢ ᠡᠲᠡᠭᠡᠳ ᠤᠨ《 ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ 》 ᠤᠨ ᠳᠠᠯᠳᠠᠭᠤᠷ  ᠰᠤᠷᠪᠤᠯᠵᠢᠯᠠᠭ᠎ᠠ ᠦᠨᠡᠯᠡᠨ ᠵᠢᠱᠢᠯᠲᠡ ᠪᠠ ᠰᠦᠯᠵᠢᠶᠡᠨ ᠤ ᠬᠢᠨᠠᠨ ᠰᠢᠨᠵᠢᠯᠲᠡ ᠶᠢ ᠵᠣᠬᠢᠶᠠᠨ  ᠪᠠᠶᠢᠭᠤᠯᠵᠤ ᠥᠷᠨᠢᠬᠦᠯᠦᠨ᠂ ᠬᠤᠤᠰ ᠲᠠᠰᠢᠷᠠᠮ ᠢᠶᠠᠷ ᠬᠠᠤᠯᠢ ᠬᠡᠷᠡᠭᠵᠢᠭᠦᠯᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠂ ᠴᠢᠬᠤᠯᠠ ᠶᠡᠭᠡ ᠬᠡᠷᠡᠭ  ᠢ ᠰᠢᠮᠳᠠᠭᠤᠯᠤᠨ  ᠬᠦᠢᠴᠡᠳᠬᠡᠯᠬᠡᠬᠦ ᠶᠢ ᠴᠢᠩᠭᠠᠳᠬᠠᠵᠤ᠂ ᠬᠡᠷᠡᠭ  ᠢ ᠲᠥᠪᠯᠡᠷᠡᠭᠦᠯᠦᠨ ᠰᠢᠶᠳᠪᠦᠷᠢᠯᠡᠬᠦ᠂ ᠬᠡᠷᠡᠭ ᠢᠶᠠᠷ ᠪᠣᠯᠪᠠᠰᠤᠷᠠᠭᠤᠯᠤᠯ ᠬᠢᠬᠦ᠂  ᠵᠢᠯᠤᠭᠤᠳᠤᠯᠭ᠎ᠠ  ᠶᠢᠨ ᠬᠡᠷᠡᠭ ᠤᠨ ᠵᠢᠱᠢᠶ᠎ᠡ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠲᠤᠬᠠᠶ ᠶᠢᠨ ᠲᠠᠯᠠᠪᠠᠶ ᠳᠤ ᠰᠢᠮᠳᠠᠭᠤᠯᠤᠨ ᠬᠦᠢᠴᠡᠳᠬᠡᠯᠭᠡᠬᠦ ᠵᠡᠷᠭᠡ ᠠᠷᠭ᠎ᠠ ᠮᠠᠶ᠋ᠢᠭ ᠢᠶᠠᠷ᠂  ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠥᠷᠨᠢᠯᠲᠡ ᠶᠢ ᠳᠥᠯᠭᠢᠨ ᠠᠬᠢᠭᠤᠯᠬᠤ ᠪᠠᠷ ᠪᠠᠶᠢᠨ᠎ᠠ᠃      3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠣᠨᠢᠨ ᠮᠡᠳᠡᠭᠡᠨ ᠤ ᠵᠠᠭᠤᠴᠢᠯᠠᠭᠤᠷ   ᠤᠨ ᠬᠢᠨ  ᠢ ᠴᠤᠭᠯᠠᠭᠤᠯᠤᠨ᠂ ᠨᠡᠶᠢᠭᠡᠮ ᠳᠠᠶᠠᠭᠠᠷ ᠲᠤ ᠲᠤᠰᠬᠠᠶ ᠠᠵᠢᠯᠯᠠᠭᠠᠨ ᠤ ᠨᠢᠭᠡᠳᠦᠭᠡᠷ ᠪᠦᠯᠦᠭ ᠤᠨ 7 ᠲᠣᠮᠣ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠵᠢᠯᠣᠭᠤᠳᠣᠯᠭ᠎ᠠ ᠶᠢᠨ ᠬᠡᠷᠡᠭ ᠤᠨ ᠵᠢᠱᠢᠶ᠎ᠡ ᠪᠠ ᠢᠯᠡᠴᠢᠯᠡᠨ ᠮᠡᠳᠡᠭᠦᠯᠬᠦ ᠠᠷᠭ᠎ᠠ ᠵᠠᠮ᠂ ᠠᠷᠭ᠎ᠠ ᠮᠠᠶ᠋ᠢᠭ ( 12301 ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠪᠤᠶᠤ 0471 - 6282653 ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠤᠲᠠᠰᠤ ) ᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠵᠢᠯᠣᠭᠤᠳᠣᠯᠭ᠎ᠠ ᠶᠢᠨ ᠬᠡᠷᠡᠭ  ᠤᠨ ᠵᠢᠱᠢᠶᠡᠨ  ᠤ ᠬᠥᠲᠥᠯᠦᠨ ᠵᠢᠯᠣᠭᠤᠳᠬᠤ᠂ ᠵᠢᠷᠤᠮᠵᠢᠭᠤᠯᠬᠤ᠂ ᠰᠡᠷᠭᠡᠶᠢᠯᠡᠬᠦ ᠪᠠ ᠬᠥᠮᠦᠵᠢᠭᠦᠯᠬᠦ ᠴᠢᠳᠠᠮᠵᠢ ᠶᠢ ᠭᠦᠶᠴᠡᠳ ᠪᠠᠳᠠᠷᠠᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ ᠲᠤᠰᠬᠠᠶ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ   ᠪᠠᠷ ᠬᠦᠴᠦᠯᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号