ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠲᠤᠯᠤᠭᠠᠨ ᠵᠦᠶᠯ ᠤᠨ ᠠᠷᠭ᠎ᠠ ᠬᠡᠯᠪᠡᠷᠢ ᠪᠠᠷ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ  ᠶᠢ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2021/4/8
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠦᠵᠡᠰᠬᠦᠯᠡᠩ  ᠤᠨ ᠣᠷᠳᠣᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠣᠯᠳᠠᠯᠭ᠎ᠠ  ᠲᠠᠢ ᠰᠤᠷᠤᠯᠴᠠᠯᠭ᠎ᠠ᠂ ᠶᠡᠷᠦᠩᠬᠡᠢ ᠡᠭᠦᠷ ᠤᠨ ᠭᠡᠰᠢᠭᠦᠨ ᠪᠠ ᠨᠠᠮ ᠤᠨ ᠡᠭᠦᠷ ᠤᠨ ᠱᠦᠵᠢ ᠶᠢᠨ ᠬᠦᠳᠦᠯᠥᠨ ᠳᠠᠭᠠᠭᠤᠯᠬᠤ ᠰᠤᠷᠤᠯᠴᠠᠯᠭ᠎ᠠ᠂ ᠨᠠᠮ ᠤᠨ ᠡᠭᠦᠷ ᠤᠨ ᠲᠥᠪᠯᠡᠷᠡᠭᠦᠯᠦᠨ ᠵᠣᠬᠢᠶᠠᠨ ᠪᠠᠶᠢᠭᠤᠯᠬᠤ ᠰᠢᠰᠲ᠋ᠧᠮ ᠲᠠᠢ ᠰᠤᠷᠤᠯᠴᠠᠯᠭ᠎ᠠ  ᠂ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠤ ᠮᠠᠶ᠋ᠢᠭ  ᠤᠨ ᠬᠦᠨᠵᠡᠭᠡᠶᠢᠷᠡᠬᠦᠯᠦᠭᠰᠡᠨ ᠰᠤᠷᠤᠯᠴᠠᠯᠭ᠎ᠠ᠂ ᠰᠢᠨ᠎ᠡ ᠶᠢ ᠡᠭᠦᠳᠬᠦ ᠬᠡᠯᠪᠡᠷᠢ  ᠶᠢᠨ ᠦᠷᠬᠦᠯᠵᠢᠯᠡᠭᠰᠡᠨ ᠰᠤᠷᠤᠯᠴᠠᠯᠭ᠎ᠠ᠂ ᠨᠠᠮ ᠤᠨ ᠭᠡᠰᠢᠭᠦᠨ  ᠤ ᠠᠵᠢᠯ ᠤᠨ ᠪᠠᠶᠢᠷᠢ ᠳᠤ ᠪᠠᠨ ᠰᠠᠭᠤᠷᠢᠯᠠᠭᠰᠠᠨ ᠥᠪᠡᠷ  ᠤᠨ ᠬᠦᠨᠵᠡᠬᠡᠢ ᠰᠤᠷᠤᠯᠴᠠᠯᠭ᠎ᠠ ᠵᠢᠴᠢ ᠨᠠᠮ ᠤᠨ ᠭᠡᠰᠢᠭᠦᠨ ᠢ ᠬᠥᠲᠥᠯᠥᠨ ᠵᠢᠯᠤᠭᠤᠳᠬᠤ ᠰᠤᠷᠤᠯᠴᠠᠯᠭ᠎ᠠ ᠵᠡᠷᠭᠡ ᠲᠤᠯᠤᠭᠠᠨ ᠵᠦᠢᠯ ᠤᠨ ᠠᠷᠭ᠎ᠠ ᠬᠡᠯᠪᠡᠷᠢ ᠪᠠᠷ ᠲᠤᠰᠬᠠᠢ ᠰᠡᠳᠦᠪᠲᠦ ᠰᠤᠷᠤᠯᠴᠠᠯᠭ᠎ᠠ ᠶᠢ ᠴᠢᠩᠭ᠎ᠠ ᠠᠳᠬᠤᠵᠤ ᠰᠠᠶᠢᠲᠤᠷ ᠠᠳᠬᠤᠭᠰᠠᠨ ᠪᠠᠶᠢᠨ᠎ᠠ᠃      ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠤᠯᠳᠠᠯᠭ᠎ᠠ ᠲᠠᠢ ᠰᠤᠷᠤᠯᠴᠠᠯᠭ᠎ᠠ᠄ ᠭᠠᠷᠠᠭ ᠪᠦᠷᠢ ᠶᠢᠨ ᠡᠭᠡᠯᠵᠢᠲᠦ ᠬᠤᠷᠠᠯ ᠤᠨ ᠳᠠᠷᠠᠭ᠎ᠠ ᠭᠤᠣᠯ ᠳᠤᠭᠤᠶᠢᠯᠠᠩ ᠤᠨ ᠰᠤᠷᠤᠯᠴᠠᠯᠭ᠎ᠠ  ᠶᠢ ᠳᠤᠬᠢᠷᠠᠭᠤᠯᠵᠤ᠂ ᠠᠷᠪᠠᠨ ᠶᠡᠭᠡ ᠠᠭᠤᠯᠭ᠎ᠠ ᠶᠢᠨ ᠭᠤᠣᠯ ᠬᠡᠰᠡᠭ ᠢ  ᠰᠤᠷᠤᠯᠴᠠᠨ᠎ᠠ᠃
     ᠶᠡᠷᠦᠩᠬᠡᠶ ᠡᠭᠦᠷ ᠤᠨ ᠭᠡᠰᠢᠭᠦᠨ ᠪᠠ  ᠨᠠᠮ  ᠤᠨ ᠡᠭᠦᠷ ᠤᠨ ᠱᠦᠵᠢ  ᠶᠢᠨ ᠬᠦᠲᠦᠯᠦᠨ ᠳᠠᠭᠠᠭᠤᠯᠬᠤ ᠰᠤᠷᠤᠯᠴᠠᠯᠭ᠎ᠠ᠄ ᠭᠠᠷᠠᠭ ᠪᠦᠷᠢ ᠶᠢᠨ ᠳᠥᠷᠪᠡᠨ ᠤ ᠦᠳᠡ ᠶᠢᠨ ᠬᠤᠶᠢᠨ᠎ᠠ᠂ ᠪᠥᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠤᠷᠤᠯᠴᠠᠭᠤᠯᠤᠨ᠂ ᠨᠠᠮ ᠤᠨ ᠶᠡᠷᠦᠩᠬᠡᠶ ᠡᠭᠦᠷ ᠤᠨ ᠭᠡᠰᠢᠭᠦᠨ᠂ ᠡᠯ᠎ᠡ ᠨᠠᠮ ᠤᠨ ᠡᠭᠦᠷ ᠤᠨ ᠱᠦᠵᠢ ᠡᠭᠡᠯᠵᠢᠯᠡᠨ ᠬᠥᠲᠥᠯᠥᠨ ᠳᠠᠭᠠᠭᠤᠯᠵᠤ᠂ ᠰᠤᠷᠤᠯᠴᠠᠯᠭ᠎ᠠ  ᠶᠢ ᠬᠠᠪᠰᠤᠷᠤᠨ ᠵᠢᠯᠣᠭᠤᠳᠤᠨ᠎ᠠ᠃
     ᠨᠠᠮ ᠤᠨ ᠡᠭᠦᠷ ᠤᠨ ᠲᠥᠪᠯᠡᠷᠡᠭᠦᠯᠦᠨ ᠵᠣᠬᠢᠶᠠᠨ ᠪᠠᠶᠢᠭᠤᠯᠬᠤ ᠰᠤᠷᠤᠯᠴᠠᠯᠭ᠎ᠠ᠄ ᠡᠯ᠎ᠡ ᠨᠠᠮ ᠤᠨ ᠡᠭᠦᠷ ᠰᠤᠷᠤᠯᠴᠠᠬᠤ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠦᠵᠡᠰᠬᠦᠯᠡᠩ ᠤᠨ ᠣᠷᠳᠣᠨ ᠤ ᠪᠣᠳᠠᠲᠤ ᠪᠠᠶᠢᠳᠠᠯ  ᠲᠠᠢ ᠤᠶᠠᠯᠳᠤᠭᠤᠯᠤᠨ᠂ 《 ᠭᠤᠷᠪᠠᠨ ᠬᠤᠷᠠᠯ ᠨᠢᠭᠡ ᠬᠢᠴᠢᠶᠡᠯ 》 ᠪᠠ ᠭᠤᠤᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠥᠷᠨᠢᠬᠦᠯᠦᠨ᠎ᠡ᠃      ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠬᠤ ᠮᠠᠶ᠋ᠢᠭ  ᠤᠨ ᠬᠦᠨᠵᠡᠭᠡᠶᠢᠷᠡᠬᠦᠯᠦᠭᠰᠡᠨ ᠰᠤᠷᠤᠯᠴᠠᠯᠭ᠎ᠠ᠄《 7.1 》 ᠤ ᠡᠮᠦᠨ᠎ᠡ ᠬᠤᠶᠢᠨ᠎ᠠ᠂ ᠲᠢᠩᠬᠢᠮ ᠤᠨ ᠤᠳᠤᠷᠢᠳᠤᠯᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ ᠢ ᠤᠷᠢᠵᠤ ᠲᠤᠰ ᠨᠢᠭᠡᠴᠢ  ᠳᠤ ᠪᠠᠨ ᠲᠤᠰᠬᠠᠢ ᠰᠡᠳᠦᠪᠲᠦ ᠨᠠᠮ ᠤᠨ ᠬᠢᠴᠢᠶᠡᠯ  ᠤᠷᠤᠭᠤᠯᠤᠨ᠎ᠠ᠃ ᠤᠳᠤᠷᠢᠳᠬᠤ ᠪᠠᠭ ᠤᠨ  ᠭᠡᠰᠢᠬᠦᠨ᠂ ᠡᠯ᠎ᠡ ᠨᠠᠮ ᠤᠨ ᠡᠭᠦᠷ ᠤᠨ ᠱᠦᠵᠢ ᠴᠥᠮ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠬᠤ ᠬᠡᠷᠡᠭᠲᠡᠶ᠃      ᠰᠢᠨ᠎ᠡ ᠶᠢ ᠡᠭᠦᠳᠬᠦ ᠬᠡᠯᠪᠡᠷᠢ  ᠶᠢᠨ ᠦᠷᠬᠦᠯᠵᠢᠯᠡᠭᠰᠡᠨ ᠰᠤᠷᠤᠯᠴᠠᠯᠭ᠎ᠠ᠄《 ᠰᠤᠷᠤᠯᠴᠠᠯᠭ᠎ᠠ ᠶᠢᠨ ᠬᠦᠴᠦᠷᠬᠡᠭ ᠤᠯᠤᠰ 》᠂ ᠡᠪ ᠬᠠᠮᠲᠤ ᠨᠠᠮ ᠤᠨ ᠭᠡᠰᠢᠭᠦᠨ ᠤ ᠰᠦᠯᠵᠢᠶᠡᠨ ᠤ ᠲᠠᠪᠴᠠᠩ᠂《 ᠨᠠᠮ ᠤᠨ ᠲᠡᠦᠬᠡ   ᠶᠢᠨ ᠦᠯᠢᠭᠡᠷ  ᠢ ᠰᠤᠷᠤᠯᠴᠠᠭᠰᠠᠨ 100  ᠶᠠᠷᠢᠶ᠎ᠠ 》᠂ 《 ᠵᠠᠭᠤᠨ ᠵᠢᠯ  ᠤᠨ ᠨᠠᠮ ᠤᠨ ᠲᠡᠦᠬᠡ ᠶᠢ ᠡᠳᠦᠷ ᠡᠳᠦᠷ ᠤᠩᠰᠢᠬᠤ 》 ᠵᠡᠷᠭᠡ ᠪᠤᠯᠤᠩ ᠢᠶᠠᠷ ᠳᠠᠮᠵᠢᠭᠤᠯᠤᠨ᠂  ᠰᠤᠷᠤᠯᠴᠠᠬᠤ ᠠᠭᠤᠯᠭ᠎ᠠ ᠪᠠᠨ ᠡᠳᠦᠷ ᠪᠦᠷᠢ ᠳᠠᠮᠵᠢᠭᠤᠯᠤᠨ᠎ᠠ ᠃ 《 ᠥᠯᠢᠭᠡᠷ ᠳᠠᠭᠤᠷᠢᠶᠠᠯ 》 ᠰᠢᠷᠢᠰ ᠲᠤᠰᠬᠠᠶ ᠰᠡᠳᠦᠪᠲᠦ ᠫᠷᠤᠭ᠍ᠷᠠᠮ ᠢ ᠵᠣᠬᠢᠶᠠᠨ ᠪᠠᠶᠢᠭᠤᠯᠵᠤ ᠰᠤᠨᠢᠷᠬᠠᠭᠤᠯᠤᠨ ᠂ ᠡᠬᠡ ᠣᠷᠣᠨᠴᠢ ᠦᠵᠡᠯ ᠤᠨ ᠺᠢᠨᠣ᠋ ᠶᠢ ᠰᠣᠨᠢᠷᠬᠠᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ  ᠬᠦᠨᠵᠡᠭᠡᠶᠢᠷᠡᠬᠦᠯᠦᠨ᠎ᠡ᠃
     ᠨᠠᠮ ᠤᠨ ᠭᠡᠰᠢᠭᠦᠨ   ᠤ ᠠᠵᠢᠯ ᠤᠨ ᠪᠠᠶᠢᠷᠢ ᠳᠤ ᠪᠠᠨ ᠰᠠᠭᠤᠷᠢᠯᠠᠭᠰᠠᠨ  ᠥᠪᠡᠷ   ᠤᠨ  ᠰᠢᠰᠲ᠋ᠧᠮᠲᠤ ᠰᠤᠷᠤᠯᠴᠠᠯᠭ᠎ᠠ᠄ ᠠᠷᠪᠠᠨ ᠵᠦᠶᠯ ᠤᠨ ᠭᠤᠤᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠪᠥᠬᠦ ᠨᠠᠮ  ᠤᠨ ᠭᠡᠰᠢᠭᠦᠨ ᠳᠤ ᠰᠤᠷᠤᠯᠴᠠᠬᠤ ᠮᠠᠲ᠋ᠧᠷᠢᠶᠠᠯ ᠢ ᠭᠦᠶᠴᠡᠳ ᠲᠣᠬᠢᠷᠠᠭᠤᠯᠵᠤ᠂ ᠬᠥᠮᠦᠨ ᠪᠦᠷᠢ ᠳᠤ ᠨᠢᠭᠡ ᠬᠤᠪᠢ ᠪᠥᠷᠢᠳᠦᠭᠦᠯᠵᠦ᠂ ᠨᠠᠮ ᠤᠨ ᠭᠡᠰᠢᠭᠦᠨ ᠤ ᠡᠳᠦᠷ ᠪᠦᠷᠢ 1 ᠴᠠᠭ ᠠᠴᠠ ᠳᠡᠭᠡᠭᠰᠢ ᠰᠢᠰᠲ᠋ᠧᠮ ᠲᠠᠢ ᠥᠪᠡᠰᠦᠪᠡᠨ  ᠰᠤᠷᠤᠯᠴᠠᠬᠤ ᠶᠢ ᠵᠣᠷᠢᠭᠵᠢᠭᠤᠯᠤᠨ᠎ᠠ᠃
     ᠨᠠᠮ ᠤᠨ ᠭᠡᠰᠢᠭᠦᠨ ᠢ ᠬᠥᠲᠥᠯᠥᠨ  ᠵᠢᠯᠤᠭᠤᠳᠬᠤ ᠰᠤᠷᠤᠯᠴᠠᠯᠭ᠎ᠠ᠄ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠳ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠭᠤᠣᠯ ᠳᠤᠭᠤᠶᠢᠯᠠᠩ ᠤᠨ ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠶᠢᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号