ᠡᠷᠢᠶᠡᠨ ᠬᠤᠲᠠ ᠶᠢᠨ ᠨᠣᠮ ᠤᠨ ᠰᠠᠩ᠂ ᠰᠣᠶᠣᠯ ᠤᠨ ᠣᠷᠳᠣᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠶᠯᠡᠳᠦᠯᠭᠡᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/9
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠨᠠᠮ  ᠤᠨ ᠲᠡᠮᠡᠴᠡᠯ ᠤᠨ ᠲᠡᠦᠬᠡ ᠶᠢ ᠡᠷᠭᠢᠴᠡᠭᠦᠯᠵᠦ᠂ ᠨᠠᠮ ᠤᠨ ᠭᠡᠷᠡᠯ ᠰᠠᠴᠤᠷᠠᠩᠭᠤᠢ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠤᠯᠠᠨ ᠪᠦᠬᠦᠳᠡ ᠶᠢ ᠬᠦᠳᠦᠯᠦᠨ ᠵᠢᠯᠣᠭᠤᠳᠴᠤ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠤ ᠪᠠᠨ ᠵᠢᠳᠬᠦᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠰ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠷᠠᠳ ᠤᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠠᠷᠠᠳ ᠤᠨ ᠪᠠᠲᠤᠯᠠᠨ ᠬᠠᠮᠠᠭᠠᠯᠠᠯᠲᠠ  ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠤᠬᠠᠮᠰᠠᠷᠲᠤ ᠴᠢᠨᠠᠷ ᠢ ᠬᠦᠭᠵᠢᠭᠡᠬᠦ ᠶᠢᠨ ᠲᠥᠯᠥᠭᠡ 3 ᠳ᠋ᠤᠭᠠᠷ ᠰᠠᠷ᠎ᠠ ᠶᠢᠨ 23 ᠤ ᠡᠳᠦᠷ᠂ ᠡᠷᠢᠶᠡᠨ ᠬᠤᠲᠠ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠺᠠᠳ᠋ᠷ ᠠᠵᠢᠯᠲᠠᠨ ᠡᠷᠢᠶᠡᠨ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ  ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠬᠢᠵᠢᠭ ᠲᠠᠢ ᠳᠡᠮᠡᠴᠡᠵᠦ ᠤᠯᠤᠰ ᠢᠶᠠᠨ ᠬᠠᠶᠢᠷᠠᠯᠠᠬᠤ ᠠᠤᠭ᠎ᠠ ᠦᠢᠯᠡᠰ ᠢ ᠲᠦᠷᠦᠬᠦᠯᠡᠨ ᠬᠢᠵᠡᠭᠡᠶ᠎ᠡ︾ ᠨᠡᠶᠢᠭᠡᠮ ᠵᠢᠷᠤᠮ  ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠶᠯᠡᠳᠦᠯᠭᠡᠵᠢᠭᠦᠯᠬᠦ ᠠᠵᠢᠯᠯᠠᠭ᠎ᠠ ᠶᠢ ᠦᠷᠨᠢᠭᠦᠯᠪᠡ᠃
     ᠠᠵᠢᠯᠯᠠᠭ᠎ᠠ ᠶᠢᠨ ᠳᠤᠮᠳᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠬᠦ ᠪᠠᠷ ᠳᠠᠮᠵᠢᠨ᠂ ᠺᠠᠳ᠋ᠷ ᠠᠵᠢᠯᠳᠠᠨ ᠠᠵᠢᠯᠴᠢᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠶᠠᠪᠤᠴᠠ ᠳᠤ ᠬᠢ ᠬᠤᠪᠢᠰᠬᠠᠯ ᠤᠨ ᠲᠡᠦᠬᠡ᠂ ᠨᠠᠮ ᠤᠨ ᠪᠠᠶᠢᠭᠤᠯᠤᠯᠲᠠ ᠵᠢᠴᠢ ᠤᠳᠤ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠵᠡᠷᠭᠡ ᠶᠢ ᠨᠡᠩ ᠭᠦᠨᠵᠡᠭᠡᠢ  ᠤᠶᠢᠯᠠᠭᠠᠯᠲᠠ ᠲᠠᠢ ᠪᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠪᠡ᠃
 
ᠢᠷᠡᠯᠲᠡ᠄ ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号