ᠬᠥᠬᠡᠬᠤᠲᠠ ᠶᠢᠨ ᠨᠣᠮ ᠤᠨ ᠰᠠᠩ ᠪᠤᠶᠢᠷ ᠵᠠᠮ ᠤᠨ ᠪᠠᠭ᠎ᠠ ᠰᠤᠷᠭᠠᠭᠤᠯᠢ ᠶᠢᠨ ᠬᠤᠶᠢᠲᠤ ᠲᠣᠭᠤᠷᠢᠭ ᠤᠨ ᠪᠠᠭᠠᠴᠤᠳ ᠤᠨ ᠣᠷᠳᠣᠨ ᠳᠤ ᠬᠦᠷᠴᠦ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠨᠠᠮ ᠤᠨ ᠲᠡᠦᠬᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/9
     2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ ᠬᠢᠴᠢᠶᠡᠯ ᠤᠨ ᠳᠠᠪᠴᠠᠩ ᠳᠤ ᠣᠷᠣᠭᠤᠯᠬᠤ ᠶᠢ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠨᠣᠮ ᠤᠨ ᠰᠠᠩ 3 ᠳ᠋ᠤᠭᠠᠷ ᠰᠠᠷ᠎ᠠ ᠶᠢᠨ 30 ᠤ ᠡᠳᠦᠷ ᠬᠥᠬᠡᠬᠤᠲᠠ ᠶᠢᠨ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠳᠤᠷᠠᠰᠬᠠᠯ ᠤᠨ ᠣᠷᠳᠣᠨ ᠤ ᠬᠢᠨ ᠲᠠᠢ ᠬᠠᠮᠲᠤ ᠪᠠᠷ ᠪᠤᠶᠢᠷ ᠵᠠᠮ ᠤᠨ ᠪᠠᠭ᠎ᠠ ᠰᠤᠷᠭᠠᠭᠤᠯᠢ ᠶᠢᠨ ᠬᠤᠶᠢᠲᠤ ᠲᠣᠭᠤᠷᠢᠭ ᠤᠨ ᠪᠠᠭᠠᠴᠤᠳ ᠤᠨ ᠣᠷᠳᠣᠨ ᠳᠤ ᠬᠦᠷᠴᠦ᠂ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠨᠠᠮ ᠤᠨ ᠲᠡᠦᠬᠡ ᠶᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ︾ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠳᠤ᠂ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠳᠤᠷᠠᠰᠬᠠᠯ ᠤᠨ ᠣᠷᠳᠣᠨ ᠤ ᠰᠢᠯᠢᠳᠡᠭ ᠲᠠᠶᠢᠯᠪᠤᠷᠢᠯᠠᠭᠴᠢ ᠰᠠᠷᠠᠨ᠎ᠠ ᠶᠢ ᠣᠷᠢᠵᠤ᠂ ᠲᠠᠪᠤᠳᠤᠭᠠᠷ ᠣᠨ ᠤ ᠬᠤᠶᠠᠳᠤᠭᠠᠷ ᠠᠩᠭᠢ᠂ ᠭᠤᠷᠪᠠᠳᠤᠭᠠᠷ ᠠᠩᠭᠢ ᠶᠢᠨ ᠪᠠᠭᠰᠢ ᠰᠤᠷᠤᠭᠴᠢᠳ ᠲᠤ ︽ᠨᠢᠭᠡ ᠦᠶ᠎ᠡ ᠶᠢᠨ ᠠᠷᠤᠤᠬᠠᠨ ᠪᠠᠭᠠᠲᠤᠷ  ᠲᠠᠯ᠎ᠠ ᠨᠤᠲᠤᠭ ᠤᠨ ᠢᠳᠡᠷᠡᠭᠦᠨ ᠨᠠᠷᠠᠰᠤ — ᠥᠪᠥᠷ ᠮᠣᠩᠭᠤᠯ ᠤᠨ ᠡᠬᠢᠨ ᠤ ᠦᠶ᠎ᠡ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠳ᠋ᠦᠸᠧ ᠰᠥᠩ ᠨᠢᠶᠠᠨ︾ ᠢᠶᠠᠷ ᠭᠤᠤᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ  ᠤᠨ ᠲᠠᠶᠢᠯᠤᠮᠵᠢ ᠬᠢᠯᠭᠡᠵᠦ᠂ ᠰᠡᠳᠬᠢᠯ ᠳᠣᠭᠳᠣᠯᠤᠮ᠎ᠠ ᠲᠣᠭᠠᠴᠢᠯᠲᠠ ᠪᠠ ᠲᠤᠬᠠᠶ ᠶᠢᠨ ᠲᠠᠯᠠᠪᠠᠢ ᠶᠢᠨ ᠠᠰᠠᠭᠤᠯᠲᠠ ᠬᠠᠷᠢᠭᠤᠯᠲᠠ ᠪᠠᠷ ᠳᠠᠮᠵᠢᠭᠤᠯᠤᠨ ᠪᠠᠭᠰᠢ ᠰᠤᠷᠤᠭᠴᠢᠳ ᠲᠤ ᠬᠥᠬᠡᠬᠤᠲᠠ ᠶᠢᠨ ᠡᠬᠢᠨ ᠤ ᠦᠶ᠎ᠡ ᠶᠢᠨ ᠬᠤᠪᠢᠰᠬᠠᠯ  ᠤᠨ ᠦᠷᠡᠭᠳᠡᠭᠰᠡᠨ ᠪᠠᠭᠠᠲᠤᠷᠴᠤᠳ ᠤᠨ ᠨᠠᠮ ᠪᠠ ᠠᠷᠠᠳ ᠲᠦᠮᠡᠨ   ᠳᠤ ᠪᠠᠨ ᠦᠨᠡᠨᠴᠢ ᠰᠢᠳᠤᠷᠭᠤ ᠪᠠᠶᠢᠳᠠᠭ ᠠᠭᠤᠤ ᠶᠡᠭᠡ ᠢᠲᠡᠭᠡᠯ ᠵᠣᠷᠢᠭ ᠪᠠ ᠬᠤᠭᠤᠷᠠᠬᠤ ᠠᠴᠠ ᠪᠢᠰᠢ ᠨᠤᠭᠤᠷᠠᠬᠤ ᠦᠭᠡᠢ ᠬᠠᠯᠠᠰᠢᠷᠠᠯ ᠦᠭᠡᠢ ᠲᠡᠮᠡᠴᠡᠬᠦ ᠬᠤᠪᠢᠰᠬᠠᠯᠲᠤ ᠰᠡᠳᠬᠢᠯᠭᠡ ᠶᠢ ᠤᠶᠢᠯᠠᠭᠠᠭᠤᠯᠵᠤ᠂ ᠰᠤᠷᠤᠭᠴᠢᠳ ᠤᠨ ᠬᠤᠪᠢᠰᠬᠠᠯ ᠤᠨ ᠲᠡᠦᠬᠡᠳᠦ ᠬᠦᠮᠦᠰ ᠢ ᠣᠶᠢᠯᠠᠭᠠᠬᠤ᠂ ᠬᠤᠪᠢᠰᠬᠠᠯᠲᠤ ᠰᠣᠩᠭᠤᠳᠠᠭ ᠵᠣᠬᠢᠶᠠᠯ ᠢ ᠤᠩᠰᠢᠬᠤ ᠶᠢ ᠵᠤᠷᠢᠭᠵᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ︽ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠪᠠᠶᠢᠳᠠᠯ ᠢ ᠮᠡᠳᠡᠬᠦ᠂ ᠨᠠᠮ ᠢᠶᠠᠨ ᠳᠠᠭᠠᠵᠤ ᠤᠷᠤᠭᠰᠢᠯᠠᠬᠤ︾ ᠶᠢ ᠬᠦᠲᠦᠯᠦᠨ ᠵᠢᠯᠤᠭᠤᠳᠴᠤ᠂ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠦᠮᠦᠵᠢᠭᠦᠯᠵᠡᠢ᠃
     ᠡᠭᠦᠨ ᠤ ᠬᠠᠮᠲᠤ᠂ ᠪᠥᠬᠦ ᠠᠷᠠᠳ ᠢᠶᠠᠷ ᠢᠶᠠᠨ ᠨᠣᠮ ᠤᠩᠰᠢᠵᠤ᠂ ᠪᠢᠴᠢᠭ ᠤᠨ ᠰᠤᠷᠪᠤᠯᠵᠢᠲᠤ ᠰᠤᠷᠭᠠᠭᠤᠯᠢ  ᠶᠢᠨ ᠬᠦᠷᠢᠶ᠎ᠡ ᠶᠢ ᠬᠠᠮᠲᠤ ᠪᠠᠷ ᠪᠠᠶᠢᠭᠤᠯᠵᠤ ᠶᠢ ᠰᠠᠨᠠᠭᠠᠴᠢᠯᠠᠵᠤ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠤᠲᠠ ᠶᠢᠨ ᠨᠣᠮ ᠤᠨ ᠰᠠᠩ ᠪᠠᠰᠠ ᠨᠣᠮ ᠤᠨ ᠰᠠᠩ ᠤᠨ ᠬᠠᠳᠠᠭᠠᠯᠠᠮᠵᠢ ᠶᠢᠨ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠠᠰᠢᠭᠯᠠᠨ᠂ ᠨᠡᠭᠦᠳᠡᠯ ᠦᠶᠯᠡᠴᠢᠯᠡᠭᠡᠨ ᠤ ᠲᠡᠷᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠡᠯᠪᠡᠷᠢ ᠶᠢ  ᠠᠰᠢᠭᠯᠠᠵᠤ᠂ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠬᠡᠦᠬᠡᠳ ᠤᠳ ᠲᠤ 80 ᠭᠠᠷᠤᠶ ᠨᠣᠮ ᠵᠢᠭᠡᠯᠡᠬᠦ ᠦᠨᠡᠮᠯᠡᠯ ᠣᠯᠭᠤᠵᠤ᠂ ᠲᠤᠬᠠᠶ ᠶᠢᠨ ᠲᠠᠯᠠᠪᠤᠷ ᠲᠤ ᠵᠢᠷᠤᠭᠲᠤ ᠳᠡᠪᠲᠡᠷ᠂ ᠤᠳᠬ᠎ᠠ ᠵᠣᠬᠢᠶᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠵᠡᠷᠭᠡ ᠡᠯ᠎ᠡ ᠲᠥᠷᠥᠯ ᠤᠨ ᠬᠡᠦᠬᠡᠳ ᠤᠨ ᠨᠣᠮ ᠢ 300 ᠭᠠᠷᠤᠶ ᠳᠡᠪᠲᠡᠷ ᠵᠢᠭᠡᠯᠡᠭᠦᠯᠵᠦ᠂ ᠰᠤᠷᠤᠭᠴᠢᠳ ᠤᠨ ᠤᠩᠰᠢᠯᠭ᠎ᠠ ᠶᠢᠨ ᠰᠠᠶᠢᠨ ᠰᠠᠶᠢᠬᠠᠨ ᠳᠠᠳᠬᠠᠯ ᠢ ᠬᠠᠪᠰᠤᠷᠤᠨ ᠬᠥᠮᠦᠵᠢᠭᠦᠯᠵᠦ᠂ ᠤᠩᠰᠢᠯᠭ᠎ᠠ ᠶᠢᠨ ᠠᠭᠤᠷ ᠠᠮᠢᠰᠬᠤᠯ ᠢ ᠳᠡᠭᠡᠭᠰᠢᠯᠡᠭᠦᠯᠦᠨ᠂ ᠬᠡᠦᠬᠡᠳ ᠤᠳ ᠤᠨ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ︾ ᠳᠤ ᠲᠤᠰᠠᠯᠠᠪᠠ  ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号