ᠵᠧᠩ ᠳ᠋ᠦᠩ ᠪᠥᠸᠧ ᠨᠥᠬᠦᠷ ᠬᠥᠬᠡᠬᠤᠲᠠ ᠳᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/9
     4 ᠳ᠋ᠦ᠋ᠭᠡᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠥᠬᠡᠬᠤᠲᠠ ᠳᠤ ᠬᠥᠳᠡᠭᠡ ᠲᠣᠰᠬᠤᠨ ᠤ ᠵᠢᠭᠤᠯᠴᠢᠯᠠᠯ ᠢ ᠪᠠᠶᠢᠴᠠᠭᠠᠨ ᠰᠤᠳᠤᠯᠪᠠ᠃ ᠵᠧᠩ ᠳ᠋ᠦᠩ ᠪᠥᠸᠧ ᠨᠡᠷ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠬᠦᠢᠰᠦ ︵ᠺᠦᠢ ᠰᠦ᠋︶ ᠲᠣᠰᠬᠤᠨ᠂ ᠵᠢᠷᠠᠨ ᠪᠠᠶᠢᠰᠢᠩ ᠲᠣᠰᠬᠤᠨ᠂ ᠰᠡᠩᠭᠡ ᠶᠢᠨ ᠬᠤᠸᠠᠷᠠᠨ ︵ᠪᠠᠲ᠋ᠠᠯᠢᠶᠣᠨ︶ ᠲᠣᠰᠬᠤᠨ᠂ ᠬᠤᠲᠣᠩ ᠠᠷᠠᠳ ᠤᠨ ᠲᠣᠭᠤᠷᠢᠭ ᠤᠨ ᠵᠡᠭᠦᠨ ᠤᠰᠤᠲᠤ ᠲᠣᠰᠬᠤᠨ᠂ ᠮᠧᠩ ᠯᠢᠶᠠᠩ ᠦᠨᠳᠦᠰᠦᠲᠡᠨ ᠤ ᠵᠠᠩ ᠦᠶᠯᠡ ᠶᠢᠨ ᠬᠦᠷᠢᠶᠡᠯᠡᠩ  ᠳᠤ ᠬᠦᠷᠴᠦ᠂ ᠵᠢᠭᠤᠯᠴᠢᠯᠠᠯ ᠤᠨ ᠲᠥᠬᠦᠭᠡᠷᠦᠮᠵᠢ ᠶᠢᠨ ᠲᠥᠯᠥᠪᠵᠢᠭᠦᠯᠭᠡ ᠬᠢᠭᠡᠳ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠨ᠂ ᠭᠠᠷ ᠤᠷᠠᠯᠠᠯ ᠤᠨ ᠪᠦᠲᠦᠭᠡᠭᠳᠡᠬᠦᠨ ᠤ ᠪᠣᠷᠣᠯᠠᠭᠤᠯᠭ᠎ᠠ᠂ ᠵᠢᠭᠤᠯᠴᠢᠯᠠᠭᠴᠢᠳ ᠢ ᠭᠥᠯᠢᠶᠡᠨ ᠠᠪᠬᠤ ᠪᠠᠶᠢᠳᠠᠯ ᠢ ᠨᠠᠷᠢᠨ ᠠᠰᠠᠭᠤᠵᠤ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ᠂ ᠭᠠᠳᠠᠷ ᠣᠷᠣᠨ ᠤ ᠵᠢᠭᠤᠯᠴᠢᠯᠠᠭᠴᠢᠳ ᠵᠢᠴᠢ ᠬᠥᠳᠡᠭᠡ ᠲᠣᠰᠬᠤᠨ ᠤ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠪᠦᠯᠬᠦᠮ᠂ ᠡᠵᠡᠩᠨᠡᠯᠲᠡ ᠶᠢᠨ ᠪᠦᠯᠬᠦᠮ ᠲᠠᠢ ᠰᠠᠨᠠᠯ ᠢᠶᠠᠨ ᠰᠣᠯᠢᠯᠴᠠᠪᠠ᠃
     ᠵᠧᠩ ᠳ᠋ᠦᠩ ᠪᠥᠸᠧ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠤ ᠵᠢᠭᠤᠯᠴᠢᠯᠠᠯ ᠢ ᠢᠮᠠᠭᠲᠠ ᠳᠡᠭᠡᠳᠦ ᠬᠡᠮᠵᠢᠶ᠎ᠡ ᠪᠠᠷ  ᠠᠩᠬᠠᠷᠳᠠᠭ᠃ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ᠂ ᠬᠥᠳᠡᠭᠡ ᠲᠣᠰᠬᠤᠨ  ᠢ ᠳᠡᠭᠵᠢᠷᠡᠭᠦᠯᠬᠦ ᠶᠢ ᠠᠬᠢᠭᠤᠯᠬᠤ ᠲᠤᠬᠠᠢ ᠤᠯᠠᠨ ᠤᠳᠠᠭ᠎ᠠ ᠰᠢᠨᠵᠢᠯᠡᠨ ᠪᠠᠶᠢᠴᠠᠭᠠᠵᠤ᠂ ᠴᠢᠬᠤᠯᠠ ᠵᠢᠭᠠᠪᠤᠷᠢ ᠥᠭᠴᠡᠢ ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ᠂ ᠳᠠᠪᠠᠭᠤᠯᠢᠭ ᠰᠢᠨᠵᠢᠲᠦ ᠠᠵᠤ ᠦᠶᠯᠡᠰ ᠢ ᠬᠥᠭᠵᠢᠭᠦᠯᠵᠦ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ᠂ ᠲᠥᠷᠥᠯ ᠲᠡᠮᠳᠡᠭᠵᠢᠯᠲᠡ ᠶᠢ ᠠᠬᠢᠭᠤᠯᠬᠤ ᠶᠢᠨ ᠬᠠᠮᠲᠤ ᠰᠣᠶᠣᠯ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠲᠠᠢ ᠤᠶᠠᠯᠳᠤᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠭᠡᠵᠦ ᠣᠨᠴᠠᠭᠠᠶᠢᠯᠠᠨ ᠴᠢᠬᠤᠯᠠᠴᠢᠯᠠᠪᠠ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠣᠳᠣᠬᠠᠨ ᠤ ᠬᠥᠳᠡᠭᠡ ᠲᠣᠰᠬᠤᠨ ᠢ ᠳᠡᠭᠵᠢᠷᠡᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠪᠠ ᠬᠢᠵᠢᠭ ᠤᠨ ᠳᠠᠷᠠᠭᠠᠬᠢ ᠠᠵᠤ ᠠᠬᠤᠶ ᠶᠢᠨ ᠰᠡᠷᠭᠦᠯᠲᠡ ᠶᠢᠨ ᠳᠠᠪᠬᠤᠷ ᠠᠵᠠ ᠲᠣᠬᠢᠶᠠᠯ ᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠡᠯᠪᠡᠭ ᠪᠠᠶᠠᠯᠢᠭ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠵᠤ᠂ ᠬᠠᠨᠳᠤᠰᠢ ᠳᠤ ᠨᠢ ᠵᠣᠬᠢᠴᠠᠭᠤᠯᠤᠨ ᠬᠥᠲᠥᠯᠥᠨ ᠵᠢᠯᠣᠭᠤᠳᠴᠤ᠂ ᠬᠥᠳᠡᠭᠡ ᠲᠣᠰᠬᠤᠨ ᠤ ᠵᠢᠭᠤᠯᠴᠢᠯᠠᠯ ᠢ ᠤᠷᠢᠳ ᠢᠶᠠᠷ ᠬᠥᠭᠵᠢᠶᠡᠨᠲᠡᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠵᠧᠩ ᠳ᠋ᠦᠩ ᠪᠥᠸᠧ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠳᠤ᠂ ᠦᠵᠦ ᠲᠥᠯᠥᠪᠯᠡᠭᠡ ᠶᠢ ᠴᠢᠩᠭᠠᠳᠬᠠᠬᠤ ᠬᠡᠷᠡᠭᠲᠡᠢ᠃ ᠲᠠᠷᠢᠶᠠᠴᠢᠨ ᠠᠶᠢᠯ ᠤᠨ ᠵᠢᠭᠤᠯᠴᠢᠯᠠᠯ᠂ ᠮᠠᠯᠴᠢᠨ ᠠᠶᠢᠯ ᠤᠨ ᠵᠢᠭᠤᠯᠴᠢᠯᠠᠯ ᠳᠤ ᠢᠷᠭᠡᠨ  ᠤ ᠭᠡᠷ ᠤᠨ ᠣᠷᠣᠨ ᠰᠠᠭᠤᠴᠠ ︵ᠮᠢᠨᠰᠦ᠋ᠺᠦ᠋︶ ᠶᠢᠨ ᠡᠯᠧᠮᠧᠨ᠋ᠲ ᠣᠷᠣᠭᠤᠯᠬᠤ ᠶᠢ ᠬᠦᠳᠦᠯᠦᠨ ᠵᠢᠯᠣᠭᠤᠳᠴᠤ ᠵᠤᠷᠢᠭᠵᠢᠭᠤᠯᠤᠨ᠂ ᠠᠮᠠᠷᠠᠯᠲᠠ ᠶᠢᠨ ᠴᠢᠳᠠᠮᠵᠢ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠪᠣᠯᠤᠨ ᠪᠦᠬᠦᠶᠢᠯᠡ ᠲᠣᠰᠬᠤᠨ ᠢᠶᠠᠷ ᠨᠢ ᠠᠬᠢᠭᠤᠯᠬᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠪᠯᠡᠷᠡᠭᠰᠡᠨ ᠣᠷᠣᠨ ᠪᠣᠯᠬᠤ ᠪᠠᠷ ᠦᠭᠡᠷ᠎ᠡ ᠬᠡᠯᠪᠡᠷᠢ ᠳᠤ ᠰᠢᠯᠵᠢᠨ ᠲᠡᠰ ᠠᠬᠢᠵᠤ᠂ ᠡᠮᠬᠢ ᠵᠢᠷᠤᠮ ᠲᠠᠢ ᠬᠥᠭᠵᠢᠬᠦ ᠪᠠᠷ ᠳᠠᠮᠵᠢᠭᠤᠯᠤᠨ᠂ ᠤᠯᠤᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠰᠭᠡᠨ ᠪᠠᠶᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠳᠤ ᠦᠵᠡᠮᠵᠢ ᠶᠢᠨ ᠣᠷᠣᠨ ᠤ ᠬᠠᠮᠢᠶᠠᠷᠤᠯᠲᠠ ᠪᠠ ᠠᠵᠤ ᠦᠢᠯᠡᠰᠵᠢᠭᠰᠡᠨ ᠬᠥᠭᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠠᠵᠢᠯ ᠲᠥᠷᠥᠯ ᠤᠨ ᠪᠠᠷᠢᠮᠵᠢᠶ᠎ᠠ ᠶᠢ ᠴᠢᠩᠭᠠᠷᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠵᠢᠭᠤᠯᠴᠢᠯᠠᠯ ᠤᠨ ᠵᠢᠷᠤᠮᠵᠢᠯ ᠢ ᠲᠣᠭᠲᠠᠭᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠰᠢᠯᠭᠠᠨ ᠲᠣᠭᠲᠠᠭᠠᠬᠤ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠶᠯ ᠤᠨ ᠪᠠᠶᠢᠳᠠᠯ ᠢ ᠤᠶᠢᠯᠠᠭᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠤ ᠪᠠᠶᠢᠭᠠᠳ ᠣᠳᠣᠨ ᠲᠠᠰ ᠦᠨᠡᠯᠡᠨ  ᠲᠣᠭᠲᠠᠭᠠᠬᠤ ᠳᠦᠷᠢᠮ ᠤᠨ ᠰᠠᠭᠤᠷᠢ ᠲᠠᠯᠪᠢᠬᠤ ᠠᠵᠢᠯ ᠢ ᠥᠷᠨᠢᠭᠦᠯᠵᠦ᠂ ᠪᠥᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠶᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠬᠤ ᠬᠡᠷᠡᠭᠲᠡᠢ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠳᠡᠭᠡ ᠲᠣᠰᠬᠤᠨ ᠤ ᠣᠨᠴᠠᠯᠢᠭ ᠲᠠᠢ ᠪᠠᠶᠢᠯᠭᠠᠵᠤ᠂ ᠬᠥᠳᠡᠭᠡ ᠲᠣᠰᠬᠤᠨ ᠤ ᠠᠮᠢᠳᠤᠷᠠᠯ ᠪᠠ ᠦᠶᠯᠡᠳᠪᠦᠷᠢᠯᠡᠯ ᠤᠨ ᠠᠷᠭ᠎ᠠ ᠮᠠᠶ᠋ᠢᠭ ᠤᠨ ᠲᠣᠭᠤᠷᠢᠨ ᠳᠤ ᠨᠡᠭᠡᠭᠡᠯᠲᠡ ᠬᠢᠵᠦ ᠂ ᠵᠢᠭᠤᠯᠴᠢᠯᠠᠭᠴᠢᠳ ᠲᠤ ᠭᠡᠷ ᠲᠤ ᠪᠠᠨ ᠬᠠᠷᠢᠭᠰᠠᠨ ᠮᠡᠲᠦ ᠦᠨᠡᠨ ᠢ ᠣᠯᠭᠤᠬᠤ ᠬᠡᠷᠡᠭᠲᠡᠶ᠃ ᠬᠥᠳᠡᠭᠡ ᠲᠣᠰᠬᠤᠨ  ᠤ ᠤᠤᠭᠠᠯ ᠠᠮᠢ ᠠᠬᠤᠶ᠂ ᠢᠵᠠᠭᠤᠷ ᠤᠨ ᠪᠠᠷᠢᠯᠭ᠎ᠠ ᠶᠢᠨ ᠰᠦᠷᠦᠭᠵᠢᠯ ᠪᠠ ᠬᠥᠳᠡᠭᠡ ᠲᠣᠰᠬᠤᠨ ᠤ ᠰᠣᠶᠣᠯ ᠵᠡᠷᠭᠡ ᠬᠥᠳᠡᠭᠡ ᠲᠣᠰᠬᠤᠨ ᠤ ᠰᠠᠨᠠᠭ᠎ᠠ ᠠᠬᠤᠶ ᠪᠠᠷ ᠭᠠᠷᠳᠠᠬᠤ ᠴᠡᠭ ᠢᠶᠠᠨ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠪᠠ ᠴᠢᠨᠠᠷ ᠳᠡᠰ ᠢ ᠳᠡᠭᠡᠭᠰᠢᠯᠡᠭᠦᠯᠦᠨ᠂ ᠵᠢᠭᠤᠯᠴᠢᠯᠠᠭᠴᠢᠳ ᠢ  ᠬᠤᠷᠭᠤᠳᠠᠭᠤᠯᠵᠤ᠂ ᠬᠤᠲᠠ ᠠᠴᠠ ᠢᠯᠡᠭᠦᠦ ᠰᠠᠨᠠᠭᠳᠠᠬᠤ ᠬᠥᠳᠡᠭᠡ ᠲᠣᠰᠬᠤᠨ ᠢ ᠪᠠᠶᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠳᠡᠭᠵᠢᠷᠡᠭᠦᠯᠬᠦ ᠠᠰᠢᠭᠲᠠᠢ ᠠᠵᠠ ᠲᠣᠬᠢᠶᠠᠯ ᠢ ᠭᠦᠢᠴᠡᠳ ᠠᠰᠢᠭᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠳᠠᠷᠠᠭᠠᠯᠠᠯ ᠳᠤ ᠵᠢᠭᠰᠠᠭᠠᠭᠳᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠭᠤᠣᠯᠳᠠᠯᠭ᠎ᠠ ᠲᠠᠢ ᠲᠡᠳᠬᠦᠨ ᠳᠡᠮᠵᠢᠬᠦ ᠬᠡᠷᠡᠭᠲᠡᠢ᠃ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ᠂ ᠶᠡᠭᠡ ᠪᠠᠷ ᠨᠤᠷᠠᠭᠠᠵᠤ ᠶᠡᠭᠡ  ᠪᠠᠷ ᠪᠠᠶᠢᠭᠤᠯᠬᠤ ᠠᠴᠠ ᠵᠠᠶᠢᠯᠠᠰᠬᠢᠵᠦ᠂ ᠠᠯᠢ ᠴᠢᠳᠠᠬᠤ ᠪᠠᠷ ᠤᠤᠯ ᠤᠨ ᠪᠠᠶᠢᠭᠰᠠᠨ ᠪᠠᠷᠢᠯᠭ᠎ᠠ ᠶᠢ ᠠᠰᠢᠭᠯᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠦᠬᠦᠭᠡᠷᠦᠮᠵᠢ ᠶᠢ  ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠤᠨ ︽ᠪᠡᠯᠡᠳᠬᠡᠯ ᠬᠠᠶᠢᠷᠴᠠᠭ︾ ᠤᠨ ᠢᠨᠵᠧᠨᠧᠷᠢᠩ᠂ ︽ᠨᠢᠭᠡ ᠲᠣᠰᠬᠤᠨ ᠨᠢᠭᠡ ᠦᠶᠯᠡᠳᠬᠦᠨ︾ ᠲᠣᠭᠲᠠᠭᠠᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ  ᠤᠨ ᠶᠡᠷᠦᠩᠬᠡᠶᠢᠯᠡᠭᠰᠡᠨ ᠬᠡᠷᠡᠭᠯᠡᠭᠡᠨ ᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠲᠤᠰ ᠭᠠᠵᠠᠷ ᠤᠨ ᠢᠶᠠᠨ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠪᠣᠯᠤᠨ ᠠᠵᠤ ᠦᠢᠯᠡᠰᠵᠢᠭᠰᠡᠨ ᠬᠥᠭᠵᠢᠯᠲᠡ  ᠶᠢᠨ ᠬᠡᠷᠡᠭᠴᠡᠭᠡ ᠳᠤ ᠦᠨᠳᠦᠰᠦᠯᠡᠨ ᠳᠡᠭᠡᠳᠦ ᠵᠡᠷᠭᠡ ᠶᠢᠨ ᠴᠢᠳᠠᠪᠤᠷᠢᠲᠠᠨ ᠢ ᠲᠠᠲᠠᠵᠤ᠂ ᠬᠥᠳᠡᠭᠡ ᠲᠣᠰᠬᠤᠨ ᠳᠤ ᠦᠯᠡᠳᠡᠬᠦ ᠳᠤᠷᠠᠲᠠᠢ ᠴᠢᠳᠠᠪᠤᠷᠢᠲᠠᠨ ᠢ ᠲᠤᠰᠬᠠᠢ ᠪᠣᠯᠪᠠᠰᠤᠷᠠᠭᠤᠯᠤᠨ᠂ ᠨᠢᠭᠡ ᠪᠦᠯᠦᠭ ᠦᠯᠡᠳᠡᠵᠦ ᠪᠣᠯᠬᠤᠶᠢᠴᠠ᠂ ᠬᠡᠷᠡᠭᠯᠡᠵᠦ ᠪᠣᠯᠬᠤᠶᠢᠴᠠ᠂ ᠳᠠᠶᠢᠴᠢᠯᠠᠭᠳᠠᠬᠤᠶᠢᠴᠠ ᠨᠤᠲᠤᠭ ᠤᠨ ᠲᠤᠰᠬᠠᠢ ᠮᠡᠷᠭᠡᠵᠢᠯᠲᠡᠨ᠂ ᠬᠦᠳᠡᠭᠡᠨ ᠤ ᠳ᠋ᠣᠺᠲ᠋ᠣᠷ᠂ ᠲᠠᠷᠢᠶᠠᠯᠠᠩ ᠤᠨ ᠰᠢᠨ᠎ᠡ ᠶᠢ ᠡᠭᠦᠳᠦᠭᠴᠢᠳ ᠢ ᠬᠥᠮᠦᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠳᠠᠭᠠᠭᠤᠯᠤᠨ ᠬᠥᠭᠵᠢᠭᠦᠯᠬᠦ ᠬᠡᠷᠡᠭᠲᠡᠢ᠃ ᠤᠬᠠᠭᠤᠯᠭ᠎ᠠ ᠪᠣᠷᠣᠯᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ︽ᠠᠷᠢᠬᠢ ᠠᠩᠬᠢᠯᠤᠮ᠎ᠠ ᠠᠪᠠᠴᠤ ᠭᠤᠳᠤᠮᠵᠢ ᠤᠷᠲᠤ ᠶᠢ ᠦᠯᠦ ᠲᠤᠭᠤᠯᠤᠮᠤᠢ︾᠂ ᠲᠣᠮᠣ ᠳ᠋ᠠᠶᠢᠲ᠋ᠠ ᠶᠢᠨ ᠮᠡᠷᠭᠡᠵᠢᠯ ᠢ ᠭᠦᠶᠴᠡᠳ ᠠᠰᠢᠭᠯᠠᠨ᠂ ᠡᠯ᠎ᠡ ᠲᠥᠷᠥᠯ ᠤᠨ ᠬᠠᠷᠠᠯᠲᠠᠲᠤ ᠬᠥᠮᠦᠰ ᠲᠤ ᠣᠨᠣᠪᠴᠢᠲᠠᠶ ᠵᠢᠷᠤᠭᠯᠠᠵᠤ᠂ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠶᠯᠡᠳᠬᠦᠨ᠂ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠣᠶᠢᠯᠠᠭᠠᠯᠲᠠ ᠶᠢ ᠣᠨᠣᠪᠴᠢᠲᠠᠶ ᠪᠥᠭᠡᠳ ᠪᠦᠲᠦᠮᠵᠢᠲᠡᠶ ᠨᠡᠶᠢᠲᠡᠯᠡᠨ᠂ ᠬᠠᠷᠠᠯᠲᠠᠲᠤ  ᠵᠢᠭᠤᠯᠴᠢᠯᠠᠭᠴᠢᠳ ᠲᠤ ᠣᠨᠣᠪᠴᠢᠲᠠᠶ ᠪᠠᠶᠢᠴᠠᠭᠠᠨ ᠯᠠᠪᠯᠠᠬᠤ ᠪᠠ ᠪᠠᠶᠢᠴᠠᠭᠠᠨ ᠡᠷᠢᠬᠦ ᠦᠶᠯᠡᠴᠢᠯᠡᠭᠡ ᠦᠭᠬᠦ ᠬᠡᠷᠡᠭᠲᠡᠶ ᠭᠡᠵᠦ  ᠴᠢᠬᠤᠯᠠᠴᠢᠯᠠᠪᠠ᠃
     ᠵᠧᠩ ᠳ᠋ᠦᠩ ᠪᠥᠸᠧ᠂ ᠬᠥᠳᠡᠭᠡ ᠲᠣᠰᠬᠤᠨ ᠤ ᠵᠢᠭᠤᠯᠴᠢᠯᠠᠯ ᠪᠣᠯ ᠨᠡᠯᠢᠶᠡᠳ ᠣᠨᠴᠠᠭᠠᠢ ᠵᠢᠭᠤᠯᠴᠢᠯᠠᠯ ᠤᠨ ᠦᠢᠯᠡᠳᠬᠦᠨ ᠮᠥᠨ᠂ ᠲᠡᠷᠡ ᠨᠢ ᠵᠢᠭᠤᠯᠴᠢᠯᠠᠯ ᠤᠨ ᠦᠢᠯᠡᠳᠬᠦᠨ ᠮᠦᠨ ᠪᠣᠯᠬᠤ ᠪᠠᠷ ᠪᠠᠷᠠᠬᠤ ᠦᠭᠡᠢ ᠪᠠᠰᠠ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠪᠠᠶᠢᠭᠠᠯᠢ ᠶᠢᠨ ᠣᠷᠣᠨ ᠵᠠᠢ ᠮᠦᠨ᠂ ᠪᠠᠰᠠ ᠴᠤ ᠨᠢᠭᠡᠳᠦᠭᠡᠷ ᠳᠡᠰ ᠤᠨ ᠵᠠᠰᠠᠭ ᠵᠠᠬᠢᠷᠭᠠᠨ ᠤ ᠵᠣᠬᠢᠶᠠᠨ ᠪᠠᠶᠢᠭᠤᠯᠤᠯᠲᠠ᠂ ᠪᠠᠭ᠎ᠠ ᠨᠡᠶᠢᠭᠡᠮ ᠮᠦᠨ᠃ ᠡᠯ᠎ᠡ ᠲᠠᠯ᠎ᠠ ᠠᠴᠠ ᠨᠢ  ᠣᠷᠤᠵᠤ ᠰᠡᠳᠭᠢᠮᠵᠢ ᠶᠢ ᠪᠠᠶᠢᠭᠤᠯᠬᠤ ᠪᠣᠯᠤᠨ ᠡᠬᠢ ᠪᠠᠶᠠᠯᠢᠭ ᠢ ᠨᠡᠶᠢᠳᠬᠡᠵᠦ ᠪᠣᠯᠤᠨ᠎ᠠ᠂ ᠡᠭᠦᠨ ᠲᠠᠢ ᠠᠳᠠᠯᠢᠬᠠᠨ ᠶᠣᠰᠤ ᠪᠠᠷ ᠦᠭᠡᠷ᠎ᠡ ᠲᠠᠯ᠎ᠠ ᠪᠠ ᠬᠠᠷᠠᠭᠠᠰᠤ ᠶᠢᠨ ᠡᠯ᠎ᠡ ᠵᠦᠢᠯ ᠤᠨ ᠬᠠᠷᠢᠴᠠᠭ᠎ᠠ ᠶᠢ ᠲᠡᠩᠴᠡᠭᠦᠷᠢᠲᠡᠢ ᠪᠠᠶᠢᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠠᠳᠠᠯᠢ ᠪᠤᠰᠤ ᠡᠬᠢ ᠪᠠᠶᠠᠯᠢᠭ ᠤᠨ ᠲᠦᠷᠦᠯᠬᠢ ᠴᠢᠨᠰᠠᠭ᠎ᠠ ᠪᠠ ᠨᠤᠲᠤᠭ ᠣᠷᠤᠨ ᠤ ᠵᠣᠷᠴᠢᠭᠴᠢ ᠶᠢᠨ ᠨᠦᠭᠡᠴᠡ ᠶᠢᠨ ᠵᠠᠬ᠎ᠠ ᠳᠡᠯᠭᠡᠭᠦᠷ ᠲᠤ ᠦᠨᠳᠦᠰᠦᠯᠡᠨ᠂  ︽ᠵᠠᠰᠠᠭ ᠤᠨ ᠣᠷᠳᠣᠨ + ᠺᠣᠮᠫᠠᠨᠢ + ᠲᠠᠷᠢᠶᠠᠴᠢᠨ ᠡᠷᠦᠬᠡ︾᠂ ︽ᠵᠠᠰᠠᠭ ᠤᠨ ᠣᠷᠳᠣᠨ + ᠺᠣᠮᠫᠠᠨᠢ + ᠬᠥᠳᠡᠭᠡ ᠲᠣᠰᠬᠤᠨ ᠤ ᠵᠢᠭᠤᠯᠴᠢᠯᠠᠯ ᠤᠨ ᠬᠠᠮᠢᠶᠠᠷᠤᠯᠲᠠ ᠶᠢᠨ ᠵᠥᠪᠯᠡᠯ +  ᠵᠢᠭᠤᠯᠴᠢᠯᠠᠯ ᠤᠨ ᠬᠤᠷᠢᠶ᠎ᠠ ︾᠂ ︽ᠬᠤᠪᠢ ᠶᠢᠨ ᠲᠠᠷᠢᠶᠠᠯᠠᠩ ᠤᠨ ᠲᠠᠯᠠᠪᠠᠶ︾ ᠵᠡᠷᠭᠡ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ  ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠨ᠂ ᠨᠠᠩ ᠣᠯᠠᠨ ᠬᠥᠮᠦᠨ ᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠰᠦᠭᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号