ᠥᠪᠥᠷ ᠮᠣᠩᠭᠤᠯ ᠤᠨ ᠨᠣᠮ ᠤᠨ ᠰᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ ᠵᠠᠭᠤᠨ ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2021/4/9
     2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠠᠰᠠ ᠴᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠤᠨ᠎ᠠ᠃ ᠡᠨᠡ ᠬᠦ ᠣᠨᠴᠠᠭᠠᠶ ᠲᠡᠦᠬᠡ ᠶᠢᠨ ᠵᠠᠩᠭᠢᠯᠠᠭ᠎ᠠ ᠶᠢᠨ ᠴᠡᠭ ᠲᠤ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠪᠡᠯᠭᠡᠯᠡᠵᠦ᠂ ᠨᠣᠮ ᠤᠨ ᠰᠠᠩ ᠤᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠨᠢᠭᠲᠠᠷᠠᠭᠤᠯᠵᠤ᠂ ᠬᠤᠶᠠᠳᠤᠭᠠᠷ ᠵᠠᠭᠤᠨ ᠵᠢᠯ  ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠨᠣᠮ ᠤᠨ ᠰᠠᠩ ᠤᠨ ᠡᠯ᠎ᠡ ᠰᠠᠯᠠᠭ᠎ᠠ ᠮᠥᠴᠢᠷ ᠠᠯᠢ ᠣᠯᠠᠨ ᠪᠠᠶᠠᠯᠢᠭ ᠰᠠᠶᠢᠬᠠᠨ ᠤᠩᠰᠢᠭᠴᠢᠳ ᠤᠨ ᠠᠵᠢᠯᠯᠠᠭ᠎ᠠ ᠥᠷᠨᠢᠭᠦᠯᠪᠡ᠂ ᠣᠲᠣ ᠬᠡᠰᠡᠭ ᠠᠵᠢᠯᠯᠠᠭ᠎ᠠ ᠶᠢ ᠳᠣᠤᠷᠠᠬᠢ ᠮᠡᠲᠦ ᠲᠠᠨᠢᠯᠴᠠᠭᠤᠯᠤᠶ᠎ᠠ᠄      ᠨᠢᠭᠡ᠂《 ᠵᠠᠭᠤᠨ ᠵᠢᠯ ᠤᠨ ᠬᠡᠷᠡᠯ ᠰᠠᠴᠤᠷᠠᠩᠭᠤᠶ ᠥᠩᠭᠡᠷᠡᠯᠲᠡ · ᠵᠠᠭᠤᠨ ᠳᠡᠪᠲᠡᠷ ᠬᠤᠪᠢᠰᠬᠠᠯᠲᠤ ᠨᠣᠮ ᠪᠢᠴᠢᠭ 》 ᠢ ᠲᠠᠨᠢᠯᠴᠠᠭᠤᠯᠬᠤ ᠠᠵᠢᠯᠯᠠᠭ᠎ᠠ      ᠥᠪᠥᠷ ᠮᠣᠩᠭᠤᠯ ᠤᠨ ᠨᠣᠮ ᠤᠨ ᠰᠠᠩ ᠤᠨ ᠰᠤᠷᠪᠤᠯᠵᠢᠯᠠᠨ ᠨᠠᠶᠢᠷᠠᠭᠤᠯᠬᠤ ᠬᠡᠯᠲᠡᠰ 100 ᠵᠦᠢᠯ ᠤᠨ ᠬᠤᠪᠢᠰᠬᠠᠯ ᠤᠨ ᠨᠣᠮ ᠪᠢᠴᠢᠭ ᠢ ᠨᠠᠷᠢᠨ ᠰᠣᠩᠭᠤᠵᠤ᠂ ᠥᠷᠭᠡᠨ ᠤᠯᠠᠨ ᠨᠠᠮ ᠤᠨ ᠭᠡᠰᠢᠭᠦᠨ ᠪᠣᠯᠤᠨ ᠤᠯᠠᠨ ᠤᠩᠰᠢᠭᠴᠢᠳ ᠲᠤ ᠬᠠᠨᠳᠤᠭᠤᠯᠤᠨ ᠲᠤᠰᠬᠠᠢ ᠰᠡᠳᠦᠪᠲᠦ ᠤᠩᠰᠢᠯᠭ᠎ᠠ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠩᠰᠢᠯᠭ᠎ᠠ ᠶᠢᠨ ᠳᠤᠮᠳᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠪᠤᠵᠤ ᠥᠩᠭᠡᠷᠡᠭᠰᠡᠨ ᠬᠡᠷᠡᠯ ᠰᠠᠴᠤᠷᠠᠩᠭᠤᠢ ᠥᠩᠭᠡᠷᠡᠯᠲᠡ᠂ ᠣᠯᠤᠭᠰᠠᠨ ᠠᠭᠤᠤ ᠶᠡᠭᠡ ᠠᠮᠵᠢᠯᠲᠠ᠂ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠵᠢᠴᠢ ᠪᠢᠳᠡᠨ ᠳᠤ ᠥᠭᠭᠦᠭᠰᠡᠨ ᠭᠦᠨᠵᠡᠭᠡᠢ ᠰᠡᠩᠬᠡᠷᠡᠭᠦᠯᠦᠯ ᠢ ᠮᠡᠳᠡᠷᠡᠭᠦᠯᠦᠨ᠎ᠡ᠃      ᠠᠵᠢᠯᠯᠠᠭ᠎ᠠ ᠥᠷᠨᠢᠭᠦᠯᠬᠦ ᠴᠠᠭ ᠨᠢ 5 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠠᠵᠢᠯᠯᠠᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠨ᠎ᠠ᠃ ᠨᠣᠮ ᠤᠨ ᠰᠠᠩ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠭᠠᠷᠠᠭ ᠪᠦᠷᠢ ᠨᠢᠭᠡ ᠬᠤᠭᠤᠴᠠᠭᠠᠨ ᠤ ᠤᠩᠰᠢᠭᠰᠠᠨ ᠨᠣᠮ ᠢᠶᠠᠨ ᠲᠠᠨᠢᠯᠴᠠᠭᠤᠯᠬᠤ ᠵᠣᠬᠢᠶᠠᠯ ᠨᠡᠶᠢᠲᠡᠯᠡᠵᠦ᠂ ᠥᠷᠭᠡᠨ ᠣᠯᠠᠨ ᠤᠩᠰᠢᠭᠴᠢᠳ ᠲᠤ ᠮᠠᠨ ᠤ ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠬᠤᠪᠢᠰᠬᠠᠯ ᠤᠨ ᠨᠣᠮ ᠪᠢᠴᠢᠭ ᠢ ᠲᠠᠨᠢᠯᠴᠠᠭᠤᠯᠵᠤ᠂ ᠤᠩᠰᠢᠭᠴᠢᠳ ᠰᠦᠯᠵᠢᠶᠡᠨ ᠠᠴᠠ ᠪᠠᠭᠤᠵᠤ ᠨᠤᠮ ᠤᠨ ᠰᠠᠩ ᠳᠤ ᠤᠴᠢᠵᠤ ᠵᠢᠭᠡᠯᠡᠨ ᠤᠩᠰᠢᠵᠤ ᠪᠤᠯᠤᠨ᠎ᠠ᠃ 25 ᠬᠤᠭᠤᠴᠠᠭ᠎ᠠ ᠭᠠᠷᠭᠠᠵᠤ᠂ ᠬᠤᠭᠤᠴᠠᠭ᠎ᠠ ᠪᠦᠷᠢ 35 ᠳᠡᠪᠲᠡᠷ ᠬᠤᠪᠢᠰᠬᠠᠯᠲᠤ ᠨᠣᠮ ᠲᠠᠨᠢᠯᠴᠠᠭᠤᠯᠬᠤ ᠪᠠᠷ ᠲᠥᠯᠥᠪᠯᠡᠵᠦ᠂ ᠨᠡᠶᠢᠲᠡ 100 ᠵᠦᠶᠯ ᠤᠨ ᠨᠣᠮ ᠲᠠᠨᠢᠯᠴᠠᠭᠤᠯᠬᠤ ᠪᠠᠷ ᠪᠣᠶ᠃ ᠬᠤᠭᠤᠴᠠᠭ᠎ᠠ ᠪᠦᠷᠢ ᠶᠢᠨ ᠲᠠᠨᠢᠯᠴᠠᠭᠤᠯᠬᠤ ᠭᠤᠣᠯ ᠰᠡᠳᠦᠪ ᠨᠢ ᠳᠣᠣᠷᠠᠬᠢ ᠮᠡᠲᠦ᠄ 1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 74 ᠵᠢᠯ ᠤᠨ ᠣᠶ ᠶᠢ ᠪᠡᠯᠭᠡᠯᠡᠬᠦ 2᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠬᠦ ᠠᠴᠠ ᠡᠮᠦᠨᠡᠬᠢ ᠲᠠᠪᠤᠨ ᠰᠠᠷ᠎ᠠ ᠶᠢᠨ ᠳᠦᠷᠪᠡᠨ ᠤ ᠬᠥᠳᠡᠯᠭᠡᠭᠡᠨ     3᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯᠲᠤ ᠵᠣᠷᠢᠭ ᠰᠠᠨᠠᠭᠠᠨ ᠤ ᠰᠢᠷᠢᠰ ᠤᠩᠰᠢᠬᠤ ᠪᠢᠴᠢᠭ 4᠂ ᠠᠬᠠᠮᠠᠳ ᠦᠶ᠎ᠡ ᠶᠢᠨ ᠬᠢᠨ ᠤ ᠡᠬᠡ ᠣᠷᠣᠨᠴᠢ ᠦᠯᠢᠭᠡᠷ ᠢ ᠳᠠᠬᠢᠨ ᠡᠷᠭᠢᠴᠡᠭᠦᠯᠵᠦ᠂ ᠠᠷᠤᠤᠬᠠᠨ ᠵᠠᠯᠭᠠᠮᠵᠢᠯᠠᠭᠴᠢᠳ ᠤᠨ ᠠᠤᠭ᠎ᠠ ᠬᠦᠰᠡᠯ ᠢ ᠪᠡᠶᠡᠯᠡᠭᠦᠯᠬᠦ 5᠂ ᠴᠤᠭ ᠪᠢᠯᠢᠭ ᠬᠦᠭᠵᠢᠨ ᠮᠠᠨᠳᠤᠭᠰᠠᠨ ᠵᠠᠭᠤᠨ ᠵᠢᠯ — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ 6᠂ ᠤᠯᠤᠰ ᠢ ᠪᠠᠶᠢᠭᠤᠯᠤᠭᠰᠠᠨ ᠤᠳᠤᠷᠢᠳᠤᠭᠴᠢᠳ ᠤᠨ ᠵᠢᠷᠤᠭ ᠤᠨ ᠨᠠᠮᠲᠠᠷ 7᠂ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ 8᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠠᠭᠤᠤ ᠶᠡᠭᠡ ᠭᠠᠶᠢᠬᠠᠮᠰᠢᠭ ᠢ ᠪᠢᠴᠢᠭᠯᠡᠬᠦ 9᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 94 ᠵᠢᠯ ᠤᠨ ᠣᠶ ᠶᠢ ᠪᠡᠯᠭᠡᠯᠡᠬᠦ 10᠂ ᠬᠤᠪᠢᠰᠬᠠᠯᠲᠤ ᠷᠣᠮᠠᠨ ᠢ ᠤᠩᠰᠢᠨ ᠠᠮᠲᠠᠷᠬᠠᠬᠤ 11᠂ ᠠᠭᠤᠤ ᠶᠡᠭᠡ ᠬᠤᠪᠢᠰᠤᠯᠲᠠ ᠥᠭᠡᠷᠡᠴᠢᠯᠡᠯᠲᠡ — ᠦᠭᠡᠷᠡᠴᠢᠯᠡᠯᠲᠡ ᠨᠡᠭᠡᠭᠡᠯᠲᠡ ᠶᠢᠨ ᠭᠤᠣᠯ ᠰᠡᠳᠦᠪ ᠢ ᠲᠠᠨᠢᠯᠴᠠᠭᠤᠯᠬᠤ 12᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠣᠯᠤᠭᠰᠠᠨ 76 ᠵᠢᠯ ᠤᠨ ᠣᠶ ᠶᠢ ᠳᠤᠷᠠᠰᠬᠠᠬᠤ 13᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠬᠦᠨᠳᠦᠳᠭᠡᠬᠦ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠭᠤᠣᠯ ᠰᠡᠳᠦᠪᠲᠦ ᠲᠠᠨᠢᠯᠴᠠᠭᠤᠯᠭ᠎ᠠ 14᠂ ᠠᠶᠠᠨ ᠵᠠᠮ ᠤᠷᠲᠤ ᠤᠳᠠᠭᠠᠨ᠂ ᠵᠦᠪᠬᠡᠨ ᠲᠡᠮᠡᠴᠡᠯ ᠢᠶᠠᠷ ᠯᠡ ᠲᠤᠭᠤᠯᠬᠤ 15᠂ ᠤᠯᠤᠰ ᠪᠠᠶᠢᠭᠤᠯᠤᠭᠳᠠᠭᠰᠠᠨ 72 ᠵᠢᠯ ᠤᠨ ᠤᠢ ᠶᠢᠨ ᠪᠠᠶᠠᠷ ᠢᠶᠠᠨ ᠤᠭᠲᠤᠵᠤ᠂ ᠰᠢᠨ᠎ᠡ ᠳᠤᠮᠳᠠᠳᠤ ᠤᠯᠤᠰ ᠤᠨ ᠲᠡᠦᠬᠡ ᠶᠢ ᠳᠠᠬᠢᠨ ᠡᠷᠭᠢᠴᠡᠭᠦᠯᠬᠦ 16᠂ ᠳᠤᠮᠳᠠᠳᠤ ᠶᠢᠨ ᠬᠦᠰᠡᠯ · ᠳᠤᠮᠳᠠᠳᠤ ᠤᠯᠤᠰ ᠤᠨ ᠵᠠᠮ᠂ ᠤᠯᠠᠭᠠᠨ ᠴᠡᠷᠢᠭ ᠤᠨ ᠣᠷᠳᠣ ᠵᠠᠮ ᠤᠨ ᠠᠶᠠᠨ ᠲᠡᠶᠢᠨ ᠢᠯᠠᠯᠲᠠ ᠣᠯᠤᠭᠰᠠᠨ 85 ᠵᠢᠯ ᠤᠨ ᠣᠶ ᠶᠢ ᠳᠤᠷᠠᠰᠬᠠᠬᠤ 17᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠳᠤᠷᠠᠰᠬᠠᠯ ᠤᠨ ᠡᠳᠦᠷ ᠲᠤ ᠬᠠᠮᠤᠭ ᠤᠨ ᠬᠠᠶᠢᠷᠠᠲᠠᠶ ᠬᠥᠮᠦᠰ ᠲᠤ ᠪᠠᠨ ᠬᠦᠨᠳᠦᠳᠬᠡᠯ      ᠬᠤᠶᠠᠷ᠂ 《 ᠨᠠᠮ ᠢᠶᠠᠨ ᠮᠠᠭᠲᠠᠨ ᠳᠠᠭᠤᠯᠠᠶ᠎ᠠ᠂ ᠡᠬᠡ ᠤᠯᠤᠰ ᠢᠶᠠᠨ ᠮᠠᠭᠲᠠᠨ ᠳᠠᠭᠤᠯᠠᠶ᠎ᠠ᠂ ᠨᠤᠲᠤᠭ ᠢᠶᠠᠨ ᠮᠠᠭᠲᠠᠨ ᠳᠠᠭᠤᠯᠠᠶ᠎ᠠ 》 ᠪᠥᠬᠦ ᠣᠷᠣᠨ ᠤ ᠮᠣᠩᠭᠤᠯ ᠦᠨᠳᠦᠰᠦᠲᠡᠨ ᠤ ᠪᠠᠭᠠᠴᠤᠳ ᠬᠡᠦᠬᠡᠳ ᠤᠨ ᠢᠷᠠᠭᠤ ᠨᠠᠶᠢᠷᠠᠭ  ᠤᠨ ᠤᠷᠠᠨ ᠤᠩᠰᠢᠯᠭ᠎ᠠ ᠶᠢᠨ ᠤᠷᠤᠯᠳᠤᠭᠠᠨ      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠪᠠᠭᠠᠴᠤᠳ ᠬᠡᠦᠬᠡᠳ ᠢ ᠬᠠᠷᠠᠬᠠᠨ ᠪᠠᠭ᠎ᠠ ᠠᠴᠠ ᠨᠢ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠠᠶᠢᠷ᠎ᠠ ᠰᠡᠳᠬᠢᠯᠭᠡ ᠲᠠᠢ ᠪᠣᠯᠭᠠᠵᠤ᠂ ᠲᠡᠦᠬᠡ ᠪᠠᠨ ᠪᠠᠲᠤ ᠴᠡᠭᠡᠵᠢᠯᠡᠵᠦ᠂ ᠠᠮᠢᠳᠤᠷᠠᠯ ᠤᠨ ᠰᠠᠶᠢᠨ ᠰᠠᠶᠢᠬᠠᠨ ᠢ ᠮᠡᠳᠡᠷᠡᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠬᠦᠴᠦᠯᠡᠨ ᠪᠣᠶᠢᠵᠢᠭᠤᠯᠤᠨ ᠦᠶᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠨᠣᠮ ᠤᠩᠰᠢᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠶᠢᠨ ᠲᠥᠯᠥᠭᠡ᠂  ᠭᠤᠤᠯ ᠰᠡᠳᠦᠪᠲᠦ ᠰᠢᠯᠦᠭ ᠤᠶᠠᠩᠭᠠᠯᠠᠬᠤ ᠤᠷᠤᠯᠳᠤᠭᠠᠨ ᠡᠷᠭᠢᠯᠡᠵᠦ᠂ ᠪᠥᠬᠦ ᠣᠷᠣᠨ ᠤ ᠥᠷᠭᠡᠨ ᠣᠯᠠᠨ ᠮᠣᠩᠭᠤᠯ ᠦᠨᠳᠦᠰᠦᠲᠡᠨ ᠤ ᠪᠠᠭᠠᠴᠤᠳ ᠬᠡᠦᠬᠡᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠠᠪᠢᠶᠠᠰ ᠴᠢᠳᠠᠪᠤᠷᠢ  ᠪᠠᠨ ᠢᠯᠡᠷᠡᠭᠦᠯᠬᠦ ᠲᠠᠪᠴᠠᠩ ᠬᠠᠩᠭᠠᠪᠠ᠃      ᠠᠵᠢᠯᠯᠠᠭ᠎ᠠ ᠨᠢ 2021 ᠣᠨ ᠤ 4  ᠳ᠋ᠦ᠋ᠭᠡᠷ ᠰᠠᠷ᠎ᠠ ᠳᠤ ᠤᠷᠠᠨ ᠲᠣᠳᠣ ᠤᠩᠰᠢᠯᠭ᠎ᠠ ᠶᠢᠨ ᠪᠦᠲᠦᠭᠡᠯ ᠡᠯᠰᠡᠵᠦ᠂ 6 ᠳ᠋ᠤᠭᠠᠷ ᠰᠠᠷ᠎ᠠ ᠶᠢᠨ ᠳᠤᠮᠳᠠᠴᠢ ᠪᠠᠷ ᠠᠩᠬᠠᠨ ᠤ ᠤᠷᠤᠯᠳᠤᠭᠠᠨ ᠶᠠᠪᠤᠭᠤᠯᠵᠤ᠂ 7 ᠰᠠᠷ᠎ᠠ ᠶᠢᠨ 1 ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠠᠴᠠ ᠡᠮᠦᠨ᠎ᠡ ᠰᠢᠯᠢᠳᠡᠭ ᠪᠦᠲᠦᠭᠡᠯ ᠢ ᠰᠦᠯᠵᠢᠶᠡᠨ ᠳᠡᠭᠡᠷ᠎ᠡ ᠳᠡᠯᠭᠡᠨ ᠦᠵᠡᠭᠦᠯᠵᠦ᠂ 8 ᠳ᠋ᠤᠭᠠᠷ ᠰᠠᠷ᠎ᠠ ᠶᠢᠨ ᠳᠤᠮᠳᠠᠴᠢ ᠪᠠᠷ ᠬᠥᠬᠡᠬᠤᠲᠠ ᠳᠤ ᠰᠢᠶᠳᠪᠦᠷᠢᠲᠦ ᠤᠷᠤᠯᠳᠤᠭᠠᠨ ᠶᠠᠪᠤᠭᠳᠠᠭᠤᠯᠤᠨ᠎ᠠ᠃ ᠤᠷᠤᠯᠳᠤᠭᠠᠨ ᠨᠢ ᠴᠡᠴᠡᠷᠯᠢᠭ ᠤᠨ ᠬᠡᠦᠬᠡᠳ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠲᠤᠤᠷᠠᠲᠤ ᠠᠩᠬᠢ ᠶᠢᠨ ᠰᠤᠷᠤᠭᠴᠢᠳ ᠤᠨ ᠳᠤᠭᠤᠶᠢᠯᠠᠩ ( 1 — 4 ᠣᠨ )᠂ ᠪᠠᠭ᠎ᠠ ᠰᠤᠷᠭᠠᠭᠤᠯᠢ ᠶᠢᠨ ᠲᠡᠭᠡᠲᠦ ᠠᠩᠬᠢ ᠶᠢᠨ ᠰᠤᠷᠤᠭᠴᠢᠳ ᠤᠨ ᠳᠤᠭᠤᠶᠢᠯᠠᠩ ( 5 — 6 ᠣᠨ ) ᠭᠡᠵᠦ ᠬᠤᠪᠢᠶᠠᠨ᠎ᠠ᠃      ᠭᠤᠷᠪᠠ᠂ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢᠬᠢ ᠭᠡᠷᠡᠯ ᠰᠠᠴᠤᠷᠠᠩᠭᠤᠢ  ᠦᠩᠭᠡᠷᠡᠯᠲᠡ ᠶᠢ ᠡᠷᠬᠢᠴᠡᠭᠦᠯᠬᠦ ᠺᠢᠨᠣ᠋ ᠶᠢᠨ ᠤᠬᠠᠭᠤᠯᠭ᠎ᠠ ᠶᠢᠨ ᠰᠠᠷ᠎ᠠ      ᠥᠪᠥᠷ ᠮᠣᠩᠭᠤᠯ ᠤᠨ ᠨᠣᠮ ᠤᠨ ᠰᠠᠩ ᠤᠨ ᠳᠠᠭᠤᠤ ᠬᠥᠭᠵᠢᠮ ᠺᠢᠨᠣ᠋ ᠲᠧᠯᠸᠢᠰ ᠤᠨ ᠨᠣᠮ ᠤᠨ ᠰᠠᠩ ᠲᠤᠰᠬᠠᠶᠢᠯᠠᠨ《 ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠭᠡᠷᠡᠯ ᠰᠠᠴᠤᠷᠠᠩᠭᠤᠢ ᠦᠩᠭᠡᠷᠡᠯᠲᠡ ᠶᠢ ᠡᠷᠭᠢᠴᠡᠭᠦᠯᠬᠦ ᠺᠢᠨᠣ᠋ ᠶᠢᠨ ᠤᠬᠠᠭᠤᠯᠭ᠎ᠠ ᠶᠢᠨ ᠰᠠᠷ᠎ᠠ 》 ᠶᠢᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠠᠷᠠᠳ ᠲᠦᠮᠡᠨ ᠢ ᠳᠠᠭᠠᠭᠤᠯᠤᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠡᠷᠡᠮᠡᠬᠡᠶᠢᠯᠡᠨ ᠤᠷᠤᠭᠰᠢᠯᠠᠭᠰᠠᠨ ᠠᠭᠤᠤ ᠶᠡᠭᠡ ᠲᠡᠦᠬᠡᠨ ᠶᠠᠪᠤᠴᠠ ᠶᠢ ᠡᠷᠭᠢᠴᠡᠭᠦᠯᠵᠦ᠂ ᠵᠠᠭᠤᠨ ᠵᠢᠯ ᠤᠨ ᠠᠶᠠᠨ ᠳᠤ ᠠᠭᠤᠯᠤᠭᠳᠠᠵᠤ ᠪᠠᠶᠢᠭ᠎ᠠ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠤᠶᠢᠯᠠᠭᠠᠭᠤᠯᠵᠤ᠂ ᠤᠩᠰᠢᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠬᠠᠮᠠᠳ ᠨᠢᠭᠡ ᠦᠶ᠎ᠡ ᠶᠢᠨ ᠬᠢᠨ ᠤ ᠤᠶᠤᠨ ᠰᠠᠨᠠᠭᠠᠨ ᠤ ᠬᠦᠴᠦᠨ ᠴᠢᠳᠠᠯ ᠢ ᠤᠢᠢᠯᠠᠭᠠᠭᠤᠯᠵᠤ᠂ ᠬᠤᠪᠢᠰᠬᠠᠯ ᠤᠨ ᠠᠬᠠᠮᠠᠳ ᠨᠢᠭᠡ ᠦᠶ᠎ᠡ ᠶᠢᠨ ᠬᠢᠨ ᠤ ᠦᠯᠡᠳᠡᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠠᠴᠠ ᠡᠯᠪᠡᠭ ᠪᠠᠶᠠᠯᠢᠭ ᠰᠢᠮ᠎ᠡ ᠲᠡᠵᠢᠭᠡᠯ ᠬᠦᠷᠲᠡᠭᠦᠯᠦᠨ᠂ ᠠᠬᠠᠮᠠᠳ ᠨᠢᠭᠡ ᠦᠶ᠎ᠡ ᠶᠢᠨ ᠬᠢᠨ ᠤ ᠰᠢᠯᠢᠳᠡᠭ ᠤᠯᠠᠮᠵᠢᠯᠠᠯ ᠪᠣᠯᠤᠨ ᠰᠤᠷᠲᠠᠯ ᠢ ᠵᠠᠯᠭᠠᠮᠵᠢᠯᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠪᠠᠲᠤᠯᠠᠵᠤ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠨ᠎ᠡ᠃      ᠲᠣᠰ ᠠᠵᠢᠯᠯᠠᠭ᠎ᠠ ᠶᠢ 6  ᠳ᠋ᠤᠭᠠᠷ ᠰᠠᠷ᠎ᠠ ᠳᠤ ᠥᠷᠨᠢᠭᠦᠯᠬᠦ ᠪᠣᠯᠤᠨ᠎ᠠ᠂ ᠭᠠᠷᠠᠭ ᠪᠦᠷᠢ ᠶᠢᠨ ᠨᠢᠭᠡ᠂ ᠲᠦᠷᠪᠡ ᠂ ᠵᠢᠷᠭᠤᠭ᠎ᠠ᠂  ᠭᠠᠷᠠᠭ ᠨᠡᠶᠢᠲᠡ ᠳᠥᠷᠪᠡᠨ ᠡᠳᠦᠷ᠂ ᠦᠳᠡ ᠶᠢᠨ ᠬᠤᠶᠢᠨᠠᠬᠢ ᠭᠤᠷᠪᠠᠨ ᠴᠠᠭ ᠲᠤ ᠣᠷᠳᠣᠨ ᠤ ᠳᠣᠲᠣᠷ᠎ᠠ ᠪᠠᠷᠢᠮᠲᠠᠲᠤ ᠺᠢᠨᠣ᠋ ᠪᠤᠶᠤ ᠥᠯᠢᠭᠡᠷᠲᠦ ᠺᠢᠨᠣ᠋ ᠭᠠᠷᠭᠠᠵᠤ᠂ ᠥᠯᠢᠭᠡᠷ ᠤᠨ ᠡᠭᠦᠰᠦᠭᠰᠡᠨ ᠴᠠᠭ ᠤᠨ ᠳᠠᠷᠠᠭᠠᠯᠠᠯ  ᠢᠶᠠᠷ ᠨᠠᠮ ᠪᠠᠶᠢᠭᠤᠯᠤᠭᠳᠠᠭᠰᠠᠨ ᠠᠴᠠ ᠤᠯᠤᠰ ᠪᠠᠶᠢᠭᠤᠯᠤᠭᠳᠠᠭᠰᠠᠨ ᠬᠡᠷᠡᠯ ᠰᠠᠴᠤᠷᠠᠩᠭᠤᠶ ᠣᠨ ᠰᠠᠷ᠎ᠠ ᠶᠢ ᠳᠠᠬᠢᠨ ᠢᠯᠡᠷᠡᠭᠦᠯᠦᠨ᠎ᠡ᠃
     ᠳᠥᠷᠪᠡ᠂  ᠬᠤᠪᠢᠰᠬᠠᠯᠲᠤ ᠤᠮᠠᠷᠠᠲᠤ ᠬᠢᠯᠢ ᠵᠢᠨ‌ᠥᠯᠢᠭᠡᠷ ᠤᠨ ᠲᠤᠰᠬᠠᠶ ᠰᠡᠳᠦᠪᠲᠦ ᠤᠩᠰᠢᠯᠭ᠎ᠠ     《 ᠬᠤᠪᠢᠰᠬᠠᠯᠲᠤ ᠤᠮᠠᠷᠠᠲᠤ ᠬᠢᠯᠢ ᠶᠢᠨ ᠲᠤᠰᠬᠠᠶ ᠰᠡᠳᠦᠪᠲᠦ ᠤᠩᠰᠢᠯᠭ᠎ᠠ 》ᠪᠣᠯ ᠥᠷᠭᠡᠨ ᠣᠯᠠᠨ ᠤᠩᠰᠢᠭᠴᠢᠳ ᠲᠤ ᠰᠣᠩᠭᠤᠳᠠᠭ ᠬᠤᠪᠢᠰᠬᠠᠯᠲᠤ ᠤᠩᠰᠢᠯᠭ᠎ᠠ ᠶᠢᠨ ᠲᠠᠪᠴᠠᠩ ᠪᠠ ᠠᠭᠤᠯᠭ᠎ᠠ ᠶᠢ ᠬᠦᠷᠭᠡᠬᠦ ᠶᠢᠨ ᠲᠦᠯᠦᠭᠡ ᠭᠠᠷᠭᠠᠭᠰᠠᠨ ᠲᠤᠰᠬᠠᠶ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠪᠣᠯᠤᠨ᠎ᠠ᠃ ᠥᠪᠥᠷ ᠮᠣᠩᠭᠤᠯ ᠤᠨ ᠨᠣᠮ ᠤᠨ ᠰᠠᠩ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ᠂ ᠥᠷᠭᠡᠨ ᠣᠯᠠᠨ ᠤᠩᠰᠢᠭᠴᠢᠳ ᠤᠨ ᠨᠡᠯᠢᠶᠡᠳ ᠰᠠᠶᠢᠨ ᠮᠡᠳᠡᠳᠡᠭ᠂ ᠨᠡᠯᠢᠶᠡᠳ ᠶᠡᠭᠡ ᠨᠡᠶᠢᠭᠡᠮ ᠤᠨ ᠨᠥᠯᠥᠭᠡᠯᠡᠬᠦ ᠬᠦᠴᠦᠨ ᠲᠠᠢ ᠬᠤᠪᠢᠰᠬᠠᠯᠲᠤ ᠤᠮᠠᠷᠠᠲᠤ ᠬᠢᠯᠢ ᠶᠢᠨ ᠥᠯᠢᠭᠡᠷ ᠢᠶᠠᠷ ᠠᠴᠢᠶᠠᠯᠠᠪᠤᠷᠢ ᠪᠣᠯᠭᠠᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ  ᠤᠨ ᠥᠯᠢᠭᠡᠷ ᠢ ᠰᠠᠶᠢᠲᠤᠷ ᠶᠠᠷᠢᠵᠤ᠂ ᠠᠭᠤᠤ ᠶᠡᠭᠡ ᠨᠣᠮ ᠪᠢᠴᠢᠭ ᠢ ᠬᠠᠮᠲᠤ ᠪᠠᠷ ᠤᠩᠰᠢᠵᠤ᠂ ᠰᠣᠩᠭᠤᠳᠠᠭ ᠵᠣᠬᠢᠶᠠᠯ ᠢ ᠬᠠᠮᠲᠤ ᠪᠠᠷ ᠰᠣᠨᠣᠰᠬᠤ ᠪᠣᠯᠭᠠᠨ᠎ᠠ᠃      ᠠᠵᠢᠯᠯᠠᠭ᠎ᠠ ᠶᠢᠨ ᠭᠠᠷᠭᠠᠭᠰᠠᠨ ᠬᠤᠪᠢᠰᠬᠠᠯ ᠤᠨ ᠦᠯᠢᠬᠡᠷ ᠨᠢ ᠬᠤᠪᠢᠰᠬᠠᠯ ᠤᠨ ᠦᠯᠢᠬᠡᠷ ᠤᠨ ᠴᠢᠭᠤᠯᠭᠠᠨ   ( ᠥᠪᠥᠷ ᠮᠣᠩᠭᠤᠯ ᠤᠨ ᠪᠤᠳᠢ ) ᠵᠢᠴᠢ ᠮᠠᠨ ᠤ ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠲᠤᠯᠭᠤᠷ ᠪᠢᠴᠢᠭ 《 ᠪᠤᠭᠤᠲᠤ ᠶᠢᠨ ᠲᠠᠶᠢᠨ ᠤ ᠲᠡᠦᠬᠡ ᠶᠢᠨ ᠦᠯᠢᠬᠡᠷ 》᠂ 《 ᠮᠣᠩᠭᠤᠯ ᠦᠨᠳᠦᠰᠦᠲᠡᠨ ᠤ ᠤᠢᠢᠷ᠎ᠠ ᠦᠶ᠎ᠡ ᠶᠢᠨ ᠲᠠᠶᠢᠨ ᠤ ᠲᠡᠦᠬᠡ 》᠂ 《 ᠥᠪᠥᠷ ᠮᠣᠩᠭᠤᠯ ᠤᠨ ᠮᠣᠷᠢᠲᠤ ᠴᠡᠷᠢᠭ ᠤᠨ ᠲᠡᠦᠬᠡ 》᠂ 《 ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠪᠠᠭᠠᠲᠤᠷ ᠵᠢᠱᠢᠶᠡᠴᠢ ᠶᠢᠨ ᠲᠥᠯᠥᠭᠡᠯᠡᠭᠴᠢᠳ ᠤᠨ ᠬᠤᠷᠠᠯ ᠤᠨ ᠳᠤᠷᠠᠰᠬᠠᠯ ᠤᠨ ᠲᠤᠰᠬᠠᠢ ᠳ᠋ᠤᠭᠠᠷ》 ᠵᠡᠷᠭᠡ ᠡᠷᠲᠡᠨ ᠤ ᠲᠤᠯᠭᠤᠷ ᠪᠢᠴᠢᠭ  ᠠᠴᠠ ᠢᠷᠡᠯᠳᠡ ᠲᠠᠢ ᠶᠤᠮ᠃   ᠶᠡᠷᠦᠩᠬᠡᠢ ᠳᠤ ᠪᠠᠨ ᠦᠯᠢᠬᠡᠷ ᠤᠨ ᠡᠭᠦᠰᠦᠭᠰᠡᠨ ᠴᠠᠭ ᠢᠶᠠᠷ ᠳᠠᠷᠠᠭᠠᠯᠠᠯ ᠪᠣᠯᠭᠠᠵᠤ᠂ ᠰᠠᠷ᠎ᠠ ᠪᠦᠷᠢ ᠨᠢᠭᠡ ᠬᠤᠪᠢ ᠬᠤᠪᠢᠰᠬᠠᠯ ᠤᠨ ᠦᠯᠢᠬᠡᠷ ᠭᠠᠷᠭᠠᠵᠤ᠂ 2021 ᠣᠨ ᠤ ᠪᠦᠬᠦ ᠵᠢᠯ ᠳᠤ ᠠᠵᠢᠯᠯᠠᠭ᠎ᠠ ᠥᠷᠨᠢᠭᠦᠯᠦᠨ᠎ᠡ᠃ ᠣᠳᠣᠬᠠᠨ ᠳᠤ 《 ᠨᠠᠢᠮᠠᠳᠤᠭᠠᠷ ᠵᠠᠮ ᠤᠨ ᠴᠡᠷᠢᠭ ᠲᠠᠯᠠᠨ ᠬᠠᠷ᠎ᠠ  ᠠᠭᠤᠯᠠ ᠤᠷᠤᠭᠤ ᠲᠦᠷᠢᠭᠰᠡᠨ ᠨᠢ 》᠂ 《 ᠭᠢᠨᠳᠠᠨ ᠳᠤ ᠬᠤᠪᠢᠰᠬᠠᠯ ᠤᠨ ᠤᠴᠢ ᠶᠢ ᠨᠤᠴᠤᠭᠠᠭᠰᠠᠨ ᠨᠢ 》᠂ 《 ᠰᠠᠭᠠᠯᠢᠴᠢ ᠰᠢᠶᠠᠨ ᠤ ᠫᠠᠷᠲ᠋ᠢᠽᠠᠨ ᠠᠩᠬᠢ 》 ᠭᠤᠷᠪᠠᠨ ᠵᠣᠬᠢᠶᠠᠯ ᠢ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号