ᠬᠥᠬᠡᠬᠤᠲᠠ ᠶᠢᠨ ᠨᠣᠮ ᠤᠨ ᠰᠠᠩ ᠤᠨ ᠨᠠᠮ ᠤᠨ ᠡᠭᠦᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠣᠮ ᠤᠨ ᠰᠠᠩ ᠤᠨ ᠨᠠᠮ ᠤᠨ ᠡᠭᠦᠷ ᠲᠠᠢ ᠬᠠᠮᠲᠤᠷᠠᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠬᠤᠨ ᠭᠠᠯᠠᠭᠤ ᠨᠣᠮ ᠤᠨ ᠥᠷᠥᠭᠡ ᠳᠤ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/28
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠤᠤᠯ ᠰᠡᠳᠦᠪᠲᠦ ᠦᠶᠯᠡᠴᠢᠯᠡᠭᠡᠨ ᠤ ᠠᠵᠢᠯᠯᠠᠭᠠᠨ ᠤ ᠥᠷᠨᠢᠬᠦᠯᠦᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂  ᠰᠤᠷᠪᠤᠯᠵᠢᠲᠤ ᠬᠥᠬᠡᠬᠤᠲᠠ ᠪᠥᠬᠦ ᠠᠷᠠᠳ ᠤᠨ ᠤᠩᠰᠢᠯᠭ᠎ᠠ ᠶᠢᠨ ᠬᠠᠮᠲᠤ ᠶᠢᠨ ᠴᠣᠭᠴᠠ ᠶᠢ ᠬᠥᠲᠥᠯᠥᠨ ᠳᠠᠭᠠᠭᠤᠯᠬᠤ ᠨᠠᠮ ᠤᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠦᠶᠯᠡᠳᠦᠯ ᠢ ᠪᠠᠳᠠᠷᠠᠭᠤᠯᠵᠤ᠂ ᠥᠷᠭᠡᠨ ᠣᠯᠠᠨ ᠤᠩᠰᠢᠭᠴᠢᠳ ᠲᠤ ᠰᠠᠶᠢᠨ ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠤᠯᠭᠠᠨ ᠦᠭᠬᠦ   ᠶᠢᠨ ᠲᠥᠯᠥᠭᠡ᠂ 5 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ  ᠶᠢᠨ ᠨᠣᠮ ᠤᠨ ᠰᠠᠩ ᠤᠨ ᠨᠠᠮ ᠤᠨ ᠡᠭᠦᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠣᠮ  ᠤᠨ ᠰᠠᠩ ᠤᠨ ᠨᠠᠮ ᠤᠨ ᠡᠭᠦᠷ ᠲᠠᠢ ᠬᠠᠮᠲᠤᠷᠠᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠬᠤᠨ ᠭᠠᠯᠠᠭᠤ ᠨᠣᠮ ᠤᠨ ᠥᠷᠥᠭᠡ ᠳᠤ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ  ᠃                    
      ᠠᠵᠢᠯᠯᠠᠭ᠎ᠠ ᠳᠤᠮᠳᠠ᠂ ᠬᠤᠶᠠᠷ ᠨᠠᠮ ᠤᠨ ᠡᠭᠦᠷ ᠤᠨ ᠨᠠᠮ ᠤᠨ ᠭᠡᠰᠢᠭᠦᠨ ᠪᠡᠶ᠎ᠡ ᠶᠢᠨ ᠲᠠᠮᠢᠷ ᠤᠨ ᠲᠠᠯᠠᠪᠠᠢ  ᠶᠢᠨ ᠬᠤᠨ ᠭᠠᠯᠠᠭᠤ ᠨᠣᠮ ᠤᠨ ᠥᠷᠥᠭᠡᠨ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠴᠠᠬᠢᠯᠭᠠᠨ ᠬᠡᠷᠡᠭᠯᠡᠬᠦ᠂ ᠥᠨᠳᠥᠷ ᠣᠭᠲᠠᠷᠭᠤᠢ ᠶᠢᠨ ᠠᠶᠤᠯ ᠲᠦᠭᠰᠢᠭᠦᠷᠢ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠲᠤᠬᠠᠢ ᠶᠢᠨ ᠭᠠᠵᠠᠷ  ᠲᠤ  ᠰᠢᠯᠭᠠᠨ ᠪᠠᠶᠢᠴᠠᠭᠠᠵᠤ᠂ ᠨᠣᠮ ᠤᠨ ᠥᠷᠥᠭᠡᠨ ᠳᠤ ᠶᠠᠮᠠᠷ ᠴᠤ ᠠᠮᠤᠷ ᠲᠦᠪᠰᠢᠨ ᠤ ᠭᠡᠮ ᠰᠣᠭᠤᠭ ᠣᠷᠣᠰᠢᠬᠤ ᠦᠭᠡᠢ ᠪᠠᠶᠢᠬᠤ ᠶᠢ ᠪᠠᠲᠤᠯᠠᠨ᠂ ᠬᠥᠬᠡᠬᠤᠲᠠ ᠶᠢᠨ ᠨᠣᠮ ᠤᠨ ᠰᠠᠩ ᠤᠨ《 ᠬᠤᠨ ᠭᠠᠯᠠᠭᠤ ᠪᠠᠶᠠᠰᠤᠯᠲᠤ ᠤᠩᠰᠢᠯᠭ᠎ᠠ  ᠶᠢᠨ ᠲᠥᠯᠥᠪᠯᠡᠭᠡ 》 ᠶᠢᠨ ᠤᠩᠰᠢᠭᠴᠢᠳ ᠲᠤ ᠬᠡᠷᠬᠢᠨ ᠪᠦᠲᠦᠮᠵᠢᠲᠡᠶ ᠦᠶᠯᠡᠴᠢᠯᠡᠬᠦ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ  ᠃      ᠰᠤᠯᠢᠯᠴᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ ᠨᠠᠮ ᠤᠨ ᠡᠭᠦᠷ ᠤᠨ ᠨᠠᠮ ᠤᠨ ᠭᠡᠰᠢᠭᠦᠨ ᠰᠠᠶᠢᠨ ᠳᠤᠷ᠎ᠠ  ᠠᠴᠠ ᠪᠠᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠬᠤᠨ ᠭᠠᠯᠠᠭᠤ ᠨᠣᠮ ᠤᠨ  ᠥᠷᠦᠭᠡᠨ  ᠤ ᠨᠣᠮ ᠪᠢᠴᠢᠭ ᠢ ᠵᠢᠶᠠᠰᠠᠯᠠᠨ ᠳᠡᠯᠭᠡᠵᠦ ᠤᠩᠰᠢᠭᠴᠢᠳ ᠲᠤ ᠲᠥᠬᠦᠮ ᠦᠵᠡᠭᠦᠯᠪᠡ᠃ ᠬᠤᠶᠢᠰᠢᠳᠠ ᠬᠥᠬᠡᠬᠤᠲᠠ ᠶᠢᠨ ᠨᠣᠮ  ᠤᠨ ᠰᠠᠩ ᠨᠢ ᠶᠡᠭᠡ ᠳᠡᠭᠡᠳᠦ ᠰᠤᠷᠭᠠᠭᠤᠯᠢ ᠶᠢᠨ ᠨᠣᠮ ᠤᠨ ᠰᠠᠩ   ᠯᠤᠭ᠎ᠠ  ᠶᠢᠨ ᠠᠭᠤᠰᠤᠯᠴᠠᠭ᠎ᠠ᠂  ᠬᠠᠮᠵᠢᠯᠴᠠᠬᠤ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠷᠠᠳ ᠤᠨ ᠤᠩᠰᠢᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠬᠦ ᠪᠣᠯᠤᠨ᠎ᠠ  ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号