《 ᠬᠠᠩᠵᠧᠦ ᠲᠦᠩᠯᠢᠶᠣᠤ ᠬᠤᠶᠠᠷ ᠭᠠᠵᠠᠷ ᠤᠨ ᠣᠯᠠᠨ ᠨᠡᠶᠢᠲᠡ ᠶᠢᠨ ᠨᠣᠮ ᠤᠨ ᠰᠠᠩ ᠤᠨ ᠰᠣᠶᠣᠯ ᠵᠢᠭᠤᠯᠴᠢᠯᠠᠯ ᠤᠨ ᠰᠣᠯᠢᠯᠴᠠᠭᠠᠨ ᠤ ᠭᠠᠷᠠᠭ ᠵᠢᠴᠢ 〈 ᠰᠢᠶᠤᠤ ᠵᠤᠸᠠᠩ ᠤᠨ ᠡᠬᠡ ᠨᠤᠲᠤᠭ  ᠷᠢᠳᠢ ᠰᠢᠳᠢᠲᠦ ᠲᠦᠩᠯᠢᠶᠣᠤ 〉 ᠬᠤᠷᠴᠢᠨ ᠰᠣᠶᠣᠯ ᠢᠷᠭᠡᠨᠰᠢᠯ ᠤᠨ ᠦᠵᠡᠮᠵᠢ ᠶᠢᠨ ᠦᠵᠡᠰᠬᠦᠯᠡᠩ 》 ᠡᠬᠢᠯᠡᠪᠡ
ᠨᠡᠶᠢᠲᠡᠯᠡᠭᠰᠡᠨ ᠴᠠᠭ᠄
2021/5/28
      5 ᠳ᠋ᠤᠭᠠᠷ ᠰᠠᠷ᠎ᠠ ᠶᠢᠨ 24 ᠤ ᠡᠳᠦᠷ᠂ ᠬᠠᠩᠵᠧᠦ ᠬᠤᠲᠠ ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ  ᠤᠨ ᠲᠣᠪᠴᠢᠶ᠎ᠠ ᠪᠠ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠭᠤᠤᠯᠯᠠᠨ ᠡᠷᠭᠢᠯᠡᠵᠦ᠂ ᠬᠠᠩᠵᠧᠦ ᠶᠢᠨ ᠨᠣᠮ ᠤᠨ ᠰᠠᠩ  ᠪᠠ ᠲᠦᠩᠯᠢᠶᠣᠤ ᠬᠤᠲᠠ ᠶᠢᠨ ᠨᠣᠮ ᠤᠨ ᠰᠠᠩ ᠳᠠᠭᠠᠭᠠᠴᠢᠯᠠᠨ ᠡᠷᠭᠢᠯᠡᠭᠰᠡᠨ 《 ᠬᠠᠩᠵᠧᠦ ᠲᠦᠩᠯᠢᠶᠣᠤ ᠬᠤᠶᠠᠷ ᠭᠠᠵᠠᠷ ᠤᠨ ᠣᠯᠠᠨ ᠨᠡᠶᠢᠲᠡ ᠶᠢᠨ ᠨᠣᠮ ᠤᠨ ᠰᠠᠩ ᠤᠨ ᠰᠣᠶᠣᠯ ᠵᠢᠭᠤᠯᠴᠢᠯᠠᠯ ᠤᠨ ᠰᠣᠯᠢᠯᠴᠠᠭᠠᠨ ᠤ ᠭᠠᠷᠠᠭ ᠵᠢᠴᠢ 〈 ᠰᠢᠶᠤᠤ ᠵᠤᠸᠠᠩ ᠤᠨ ᠡᠬᠡ ᠨᠤᠲᠤᠭ  ᠷᠢᠳᠢ ᠰᠢᠳᠢᠲᠦ ᠲᠦᠩᠯᠢᠶᠣᠤ 〉 ᠬᠤᠷᠴᠢᠨ ᠤ ᠰᠣᠶᠣᠯ ᠢᠷᠭᠡᠨᠰᠢᠯ ᠤᠨ ᠦᠵᠡᠮᠵᠢ ᠶᠢᠨ  ᠦᠵᠡᠰᠬᠦᠯᠡᠩ》 ᠬᠠᠩᠵᠧᠦ ᠶᠢᠨ ᠨᠣᠮ ᠤᠨ ᠰᠠᠩ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠦᠵᠡᠭᠦᠯᠦᠯᠭᠡ ᠶᠢᠨ ᠲᠣᠭᠤᠷᠢᠭ ᠲᠤ ᠡᠬᠢᠯᠡᠪᠡ᠃ ᠬᠠᠩᠵᠧᠦ ᠬᠤᠳᠠ ᠶᠢᠨ ᠰᠣᠶᠣᠯ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠯᠦ ᠰᠢᠶᠤᠤ ᠯᠦᠩ᠂ ᠬᠠᠩᠵᠧᠦ ᠶᠢᠨ ᠨᠣᠮ ᠤᠨ ᠰᠠᠩ ᠤᠨ ᠳᠠᠷᠤᠭ᠎ᠠ ᠯᠢᠦ ᠳ᠋ᠦᠩ᠂ ᠲᠦᠩᠯᠢᠶᠣᠤ ᠬᠤᠳᠠ ᠶᠢᠨ ᠨᠣᠮ ᠤᠨ ᠰᠠᠩ ᠤᠨ ᠳᠠᠷᠤᠭ᠎ᠠ ᠸᠠᠩ ᠮᠧᠩ ᠵᠢᠴᠢ ᠬᠤᠶᠠᠷ ᠣᠷᠳᠣᠨ ᠤ ᠬᠡᠰᠡᠭ ᠠᠵᠢᠯᠳᠠᠨ ᠲᠤᠰ  ᠤᠳᠠᠭᠠᠨ  ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ  ᠃       ᠣᠮᠤᠭ ᠲᠡᠭᠦᠯᠳᠡᠷ᠂  ᠢᠳᠡᠷᠡᠬᠦᠨ  ᠵᠢᠪᠬᠤᠭᠠᠯᠢᠭ ᠮᠣᠷᠢᠨ ᠬᠤᠭᠤᠷ ᠤᠨ ᠠᠶ᠎ᠠ ︽ ᠲᠥᠮᠡᠨ ᠠᠭᠲᠠ  ᠶᠢᠨ ᠲᠥᠪᠡᠷᠭᠡᠨ︾   ᠢ ᠳᠠᠭᠠᠯᠳᠤᠨ ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠪᠡ  ᠃ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠳᠡᠭᠡᠷ᠎ᠡ ᠲᠦᠩᠯᠢᠶᠣᠤ ᠬᠤᠲᠠ ᠶᠢᠨ ᠨᠣᠮ ᠤᠨ ᠰᠠᠩ ᠨᠢ ᠬᠠᠩᠵᠧᠦ ᠶᠢᠨ ᠤᠩᠰᠢᠭᠴᠢᠳ  ᠲᠤ ᠮᠣᠩᠭᠤᠯ ᠦᠨᠳᠦᠰᠦᠲᠡᠨ ᠤ ᠤᠨᠴᠠᠯᠢᠭᠳᠤ ᠬᠤᠪᠴᠠᠰᠤ ᠵᠠᠰᠠᠯ ᠤᠨ ᠣᠶᠢᠯᠠᠭᠠᠯᠲᠠ᠂ ᠲᠠᠯ᠎ᠠ ᠨᠤᠲᠤᠭ ᠤᠨ ᠤᠨᠴᠠᠯᠢᠭᠳᠤ ᠪᠡᠯᠡᠭ  ᠤᠨ ᠲᠤᠬᠠᠶ ᠶᠢᠨ ᠲᠠᠯᠠᠪᠤᠷ   ᠲᠤ ᠬᠢ ᠬᠦᠷᠭᠡᠯᠲᠡ᠂ ᠬᠤᠷᠴᠢᠨ ᠤ ᠠᠮᠲᠠᠲᠤ ᠢᠳᠡᠭᠡᠨ ᠤ ᠠᠮᠲᠠᠯᠠᠭ᠎ᠠ᠂ ᠮᠣᠩᠭᠤᠯ ᠦᠨᠳᠦᠰᠦᠲᠡᠨ ᠤ ᠤᠨᠴᠠᠯᠢᠭᠳᠤ ᠲᠣᠭᠯᠠᠯᠲᠠ ᠵᠡᠷᠭᠡ ᠲᠠᠯ᠎ᠠ ᠨᠤᠲᠤᠭ ᠤᠨ ᠣᠨᠴᠠᠯᠢᠭ ᠢᠶᠠᠷ ᠪᠢᠯᠬᠠᠮ᠎ᠠ ᠠᠯᠢ ᠣᠯᠠᠨ ᠲᠤᠬᠠᠶ ᠶᠢᠨ ᠲᠠᠯᠠᠪᠤᠷ  ᠤᠨ ᠳᠡᠯᠭᠡᠨ  ᠦᠵᠡᠬᠦᠯᠦᠯᠭᠡ ᠪᠠ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠬᠦᠷᠭᠡᠵᠦ᠂ ᠤᠩᠰᠢᠭᠴᠢᠳ《 ᠬᠤᠲᠠ 》 ᠠᠴᠠ ᠭᠠᠷᠬᠤ ᠥᠬᠡᠶ ᠪᠠᠷ ᠲᠦᠩᠯᠢᠶᠣᠤ ᠶᠢᠨ ᠭᠤᠶᠣ ᠦᠵᠡᠮᠵᠢ ᠶᠢ ᠬᠠᠨᠲᠠᠯ᠎ᠠ  ᠰᠤᠨᠢᠷᠬᠠᠵᠤ᠂ ᠬᠤᠷᠴᠢᠨ ᠤ ᠲᠠᠯ᠎ᠠ ᠨᠤᠲᠤᠭ ᠤᠨ ᠦᠨᠳᠦᠰᠦᠲᠡᠨ ᠤ ᠵᠠᠩ ᠦᠶᠯᠡ ᠶᠢ ᠤᠶᠢᠯᠠᠭᠠᠭᠰᠠᠨ ᠪᠠᠶᠢᠨ᠎ᠠ᠃      ᠦᠵᠡᠰᠬᠦᠯᠡᠩ ᠳᠤ ᠨᠡᠶᠢᠲᠡ 61 ᠬᠡᠷᠡᠯ ᠵᠢᠷᠤᠭ ᠢ ᠳᠡᠯᠭᠡᠨ ᠦᠵᠡᠭᠦᠯᠦᠭᠰᠡᠨ ᠪᠥᠭᠡᠳ ᠲᠤᠪᠴᠢ ᠲᠣᠳᠣᠷᠬᠠᠶᠢᠯᠠᠯᠲᠠ ᠬᠠᠪᠰᠤᠷᠭᠠᠵᠤ᠂  ᠲᠦᠩᠯᠢᠶᠣᠤ ᠬᠤᠲᠠ ᠶᠢᠨ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠵᠠᠩ ᠵᠠᠩᠰᠢᠯ᠂ ᠠᠮᠢ ᠠᠬᠤᠶ ᠶᠢᠨ ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ  ᠪᠥᠬᠦ ᠲᠠᠯ᠎ᠠ ᠪᠠᠷ ᠠᠮᠢᠲᠤ ᠳᠦᠷᠰᠦᠯᠢᠭ ᠳᠡᠯᠭᠡᠨ ᠦᠵᠡᠭᠦᠯᠵᠦ᠂ ᠬᠠᠩᠵᠧᠦ ᠶᠢᠨ ᠬᠤᠲᠠ ᠶᠢᠨ ᠠᠷᠠᠳ  ᠤᠨ ᠬᠤᠷᠴᠢᠨ ᠤ ᠰᠣᠶᠣᠯ ᠵᠢᠭᠤᠯᠴᠢᠯᠠᠯ ᠵᠢᠴᠢ ᠣᠷᠣᠨ ᠨᠤᠲᠤᠭ ᠤᠨ ᠣᠨᠴᠠᠯᠢᠭ ᠤᠨ ᠲᠤᠬᠠᠶ ᠣᠶᠢᠯᠠᠭᠠᠯᠲᠠ ᠶᠢ  ᠬᠦᠨᠵᠡᠭᠡᠶᠢᠷᠡᠬᠦᠯᠵᠡᠢ  ᠃
 
ᠢᠷᠡᠯᠲᠡ᠄ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号