ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/28
     5 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨ᠎ᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ  ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠦᠵᠡᠰᠬᠦᠯᠡᠩ ᠤᠨ ᠣᠷᠳᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠳᠥᠷᠪᠡᠨ ᠵᠦᠶᠯ ᠤᠨ ᠭᠤᠤᠯᠳᠠᠯᠭ᠎ᠠ ᠲᠠᠢ ᠠᠵᠢᠯ ᠢ ᠳᠤᠷᠠᠳᠪᠠ᠄ ᠨᠢᠭᠡ ᠳᠤ᠂ ᠡᠯ᠎ᠡ ᠨᠠᠮ ᠤᠨ ᠡᠭᠦᠷ ᠣᠯᠠᠨ ᠲᠦᠮᠡᠨ ᠤ ᠪᠣᠳᠠᠲᠠᠶ ᠠᠰᠠᠭᠤᠳᠠᠯ ᠢ ᠦᠨᠡᠨ ᠬᠦ ᠰᠢᠶᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠥᠷᠨᠢᠭᠦᠯᠦᠭᠰᠡᠨ《 ᠲᠠᠪᠤ ᠶᠢ ᠬᠦᠷᠭᠡᠬᠦ 》᠂《 ᠳᠣᠯᠤᠭ᠎ᠠ ᠶᠢ ᠬᠦᠷᠭᠡᠬᠦ 》ᠠᠵᠢᠯᠯᠠᠭ᠎ᠠ ᠳᠤ ᠪᠣᠳᠠᠲᠠᠶ ᠲᠥᠯᠥᠪᠵᠢᠭᠦᠯᠭᠡ ᠬᠢᠵᠦ᠂ ᠬᠢᠯᠠᠰ ᠴᠡᠭ ᠢ ᠳᠣᠪᠣᠶᠢᠯᠭᠠᠬᠤ ᠬᠡᠷᠡᠭᠲᠡᠶ︔ ᠬᠤᠶᠠᠷ ᠲᠤ᠂ ᠠᠵᠢᠯ ᠤᠨ ᠡᠬᠡ ᠲᠠᠩᠰᠠ ᠪᠠᠶᠢᠭᠤᠯᠵᠤ᠂ ᠬᠤᠶᠠᠷ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠳᠤᠷᠠᠳᠤᠭᠰᠠᠨ ᠠᠵᠢᠯ ᠢ ᠡᠮᠬᠢᠯᠡᠵᠦ᠂ ᠪᠡᠶᠡᠯᠡᠭᠦᠯᠦᠭᠰᠡᠨ ᠪᠠᠶᠢᠳᠠᠯ ᠢ ᠲᠤᠳᠤᠷᠬᠠᠶᠢᠯᠠᠬᠤ ᠬᠡᠷᠡᠭᠲᠡᠢ︔ ᠭᠤᠷᠪᠠ ᠳᠤ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠶᠢᠨ ᠳᠤᠷᠠᠳᠤᠭᠰᠠᠨ ᠵᠢᠷᠭᠤᠭᠠᠨ ᠵᠦᠶᠯ  ᠤᠨ ᠬᠠᠮᠢᠶᠠᠷᠤᠯᠲᠠ ᠶᠢᠨ ᠲᠦᠷᠢᠮ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠡᠭᠦᠷ ᠤᠨ ᠠᠵᠢᠯ ᠢ ᠨᠠᠷᠢᠨ ᠲᠠᠩᠰᠠᠵᠢᠭᠤᠯᠬᠤ᠂ ᠵᠢᠷᠤᠮᠵᠢᠭᠤᠯᠬᠤ ᠬᠡᠷᠡᠭᠲᠡᠶ︔ ᠲᠦᠷᠪᠡ ᠳᠤ᠂ ᠱᠠᠯᠠᠪᠳᠠᠭᠤᠯᠤᠨ ᠵᠢᠯᠣᠭᠤᠳᠬᠤ ᠡᠷᠴᠢᠮ  ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠯ᠎ᠡ ᠨᠠᠮ ᠤᠨ ᠡᠭᠦᠷ ᠤᠨ ᠠᠵᠢᠯ ᠢ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号