ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠶᠡᠷᠦᠩᠬᠡᠶ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠪᠡ
ᠨᠡᠶᠢᠲᠡᠯᠡᠭᠰᠡᠨ ᠴᠠᠭ᠄
2021/5/28
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ 5 ᠳ᠋ᠤᠭᠠᠷ ᠰᠠᠷ᠎ᠠ ᠶᠢᠨ 20 ᠤ ᠦᠳᠡ ᠶᠢᠨ ᠬᠤᠶᠢᠨ᠎ᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠨᠠᠮ  ᠤᠨ ᠶᠡᠷᠦᠩᠬᠡᠢ ᠡᠭᠦᠷ ᠤᠨ ᠱᠦᠵᠢ ᠸᠠᠩ ᠠᠨ ᠵᠢᠤᠸᠠᠨ《 ᠤᠭ ᠵᠣᠬᠢᠶᠠᠯ ᠢ ᠤᠩᠰᠢᠵᠤ᠂ ᠤᠭ ᠶᠣᠰᠣ ᠶᠢ ᠣᠶᠢᠯᠠᠭᠠᠵᠤ᠂ ᠦᠷᠭᠦᠯᠵᠢᠯᠡᠨ ᠤᠷᠤᠭᠰᠢᠯᠠᠬᠤ ᠬᠦᠴᠦᠨ ᠪᠠ ᠤᠶᠤᠨ ᠤᠬᠠᠭᠠᠨ ᠢ ᠲᠠᠰᠤᠷᠠᠯᠲᠠ ᠦᠭᠡᠢ ᠰᠢᠩᠭᠡᠭᠡᠨ ᠠᠪᠬᠤ 》ᠭᠡᠬᠦ ᠰᠡᠳᠦᠪ ᠢᠶᠠᠷ ᠦᠵᠡᠰᠬᠦᠯᠡᠩ ᠤᠨ ᠣᠷᠳᠣᠨ ᠤ ᠪᠦᠬᠦ ᠨᠠᠮ ᠤᠨ ᠭᠡᠰᠢᠭᠦᠨ ᠪᠣᠯᠤᠨ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠪᠦᠷᠢᠯᠳᠦᠬᠦᠨ ᠳᠤ ᠠᠮᠢᠳᠤᠯᠢᠭ ᠪᠥᠭᠡᠳ ᠭᠦᠨᠵᠡᠭᠡᠢ ᠨᠠᠮ ᠤᠨ ᠬᠢᠴᠢᠶᠡᠯ ᠣᠷᠣᠪᠠ᠃      ᠸᠠᠩ ᠠᠨ ᠵᠢᠤᠸᠠᠨ ᠱᠦᠵᠢ《 ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ 》ᠨᠠᠮ ᠤᠨ ᠲᠡᠦᠬᠡ ᠶᠢᠨ ᠬᠥᠮᠦᠵᠢᠯ ᠤᠨ ᠬᠠᠷᠠᠯᠲᠠ ᠪᠠᠷ ᠭᠤᠣᠯᠳᠠᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠰᠤᠷᠤᠯᠴᠠᠯᠭ᠎ᠠ ᠰᠡᠳᠬᠢᠬᠦᠢ ᠦᠢᠯᠡᠳᠦᠯᠭᠡ ᠣᠶᠢᠯᠠᠭᠠᠯᠲᠠ ᠶᠢᠨ ᠳᠤᠮᠳᠠ ᠪᠦᠷᠢᠯᠳᠦᠭᠰᠡᠨ ᠣᠶᠢᠯᠠᠭᠠᠯᠲᠠ ᠪᠠᠷ ᠢᠶᠠᠨ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠪᠥᠭᠡᠳ《 ᠨᠠᠷᠢᠨ ᠬᠢᠨᠠᠮᠠᠭᠠᠢ ᠰᠤᠷᠤᠯᠴᠠᠵᠦ ᠨᠡᠪᠲᠡᠷᠡᠲᠡᠯ᠎ᠠ ᠣᠶᠢᠯᠠᠭᠠᠵᠤ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ 》︔《 ᠣᠭ ᠵᠣᠬᠢᠶᠠᠯ ᠢ ᠭᠦᠨᠵᠡᠭᠡᠶ ᠰᠤᠷᠤᠯᠴᠠᠵᠤ᠂ ᠨᠠᠮ ᠤᠨ ᠲᠡᠦᠬᠡ ᠶᠢ ᠰᠤᠷᠤᠯᠴᠠᠬᠤ ᠶᠢᠨ ᠴᠢᠬᠤᠯᠠ ᠠᠴᠢ ᠬᠤᠯᠪᠣᠭᠳᠠᠯ  ᠢ ᠣᠶᠢᠯᠠᠭᠠᠬᠤ 》︔《 ᠤᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠴᠤ᠂ ᠪᠣᠳᠠᠲᠤ ᠶᠠᠪᠤᠳᠠᠯ ᠬᠢᠬᠦ ᠡᠨᠡ ᠬᠦ ᠦᠨᠳᠦᠰᠦᠨ ᠬᠦᠴᠦᠯᠡᠬᠦ ᠴᠡᠭ ᠢ ᠪᠠᠲᠤ ᠡᠵᠡᠮᠳᠡᠬᠦ 》ᠭᠤᠷᠪᠠᠨ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ᠃      ᠸᠠᠩ ᠠᠨ ᠵᠢᠤᠸᠠᠨ ᠱᠦᠵᠢ᠂ ᠡᠨᠡ ᠵᠢᠯ ᠪᠣᠯ《 ᠠᠷᠪᠠᠨ ᠳᠥᠷᠪᠡᠳᠦᠭᠡᠷ ᠲᠠᠪᠤᠨ ᠵᠢᠯ 》 ᠤᠨ ᠡᠬᠢᠯᠡᠯᠲᠡ  ᠶᠢᠨ ᠵᠢᠯ ᠪᠣᠯᠤᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠴᠢᠩᠭᠠᠷᠠᠭᠤᠯᠬᠤ ᠪᠠᠷ ᠭᠤᠤᠯᠳᠠᠯᠭ᠎ᠠ ᠪᠣᠯᠭᠠᠨ ᠠᠵᠢᠯ ᠢᠶᠠᠨ ᠥᠷᠨᠢᠭᠦᠯᠬᠦ ᠬᠡᠷᠡᠭᠲᠡᠶ ᠭᠡᠵᠦ ᠴᠢᠬᠤᠯᠴᠢᠯᠠᠪᠠ᠃     ᠲᠣᠰ ᠤᠳᠠᠭᠠᠨ ᠤ ᠨᠠᠮ ᠤᠨ ᠬᠢᠴᠢᠶᠡᠯ ᠤᠨ ᠭᠤᠤᠯ ᠰᠡᠳᠦᠪ ᠢᠯᠡ ᠲᠣᠳᠣ᠂ ᠭᠤᠤᠯᠳᠠᠯᠭ᠎ᠠ ᠲᠣᠪᠣᠶᠢᠮ᠎ᠠ ᠪᠠᠶᠢᠵᠤ᠂ ᠣᠯᠠᠨ ᠢᠶᠠᠷ ᠢᠶᠠᠨ ᠲᠣᠰ ᠤᠳᠠᠭᠠᠨ ᠤ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠣᠯᠭᠠᠨ᠂ ᠦᠵᠡᠯ ᠰᠠᠨᠠᠭ᠎ᠠ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠰᠭᠦᠯᠡᠩ ᠤᠨ ᠣᠷᠳᠣᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠥᠬᠦ ᠣᠷᠳᠣᠨ ᠤ ᠬᠦᠴᠦᠨ ᠢ ᠳᠠᠶᠢᠴᠢᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠪᠠᠳᠠᠷᠠᠭᠤᠯᠤᠨ᠂ ᠡᠯ᠎ᠡ ᠵᠦᠶᠯ ᠤᠨ ᠦᠵᠡᠭᠦᠯᠦᠯᠭᠡ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号