75 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ 《 ᠰᠣᠶᠣᠯ ᠬᠢᠭᠡᠳ ᠦᠷᠭᠦᠯᠵᠢᠯᠡᠭᠦᠶᠢᠴᠡ ᠬᠥᠭᠵᠢᠯᠲᠡ 》 ᠶᠢᠨ ᠳᠡᠭᠡᠳᠦ ᠲᠠᠰ ᠤᠨ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/28
    2021 ᠣᠨ ᠤ 5  ᠳ᠋ᠤᠭᠠᠷ ᠰᠠᠷ᠎ᠠ ᠶᠢᠨ 21 ᠤ ᠡᠳᠦᠷ᠂ 75 ᠳ᠋ᠤᠭᠠᠷ ᠬᠤᠭᠤᠴᠠᠭᠠᠨ ᠤ ᠣᠯᠠᠨ ᠤᠯᠤᠰ  ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ  ᠤᠨ  《 ᠰᠣᠶᠣᠯ ᠬᠢᠭᠡᠳ ᠦᠷᠭᠦᠯᠵᠢᠯᠡᠭᠦᠶᠢᠴᠡ ᠬᠥᠭᠵᠢᠯᠲᠡ 》 ᠶᠢᠨ ᠳᠡᠭᠡᠳᠦ ᠲᠠᠰ ᠤᠨ ᠬᠤᠷᠠᠯ ᠨᠢᠤ᠋ ᠶᠤᠷᠺ ᠲᠤ ᠬᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠷᠦᠩᠬᠡᠶ ᠵᠠᠬᠢᠷᠭ᠎ᠠ ᠳᠤ ᠬᠤᠷᠠᠯᠳᠤᠪᠠ  ᠃ 5 ᠳ᠋ᠤᠭᠠᠷ ᠰᠠᠷ᠎ᠠ ᠶᠢᠨ 21 ᠤ ᠡᠳᠦᠷ ᠪᠣᠯ 《 ᠳᠡᠯᠡᠬᠡᠶ ᠶᠢᠨ ᠰᠣᠶᠣᠯ  ᠤᠨ ᠣᠯᠠᠨ ᠶᠠᠩᠵᠤᠲᠤ ᠴᠢᠨᠠᠷᠲᠠᠢ ᠶᠠᠷᠢᠯᠴᠠᠭ᠎ᠠ ᠪᠠ ᠬᠥᠭᠵᠢᠯᠲᠡ  ᠶᠢ ᠠᠬᠢᠭᠤᠯᠬᠤ  ᠡᠳᠦᠷ 》 ᠪᠣᠯᠤᠨ᠎ᠠ  ᠃ ᠲᠤᠰ ᠤᠲᠠᠭᠠᠨ  ᠤ ᠬᠤᠷᠠᠯ ᠨᠢ 《 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠠᠷᠪᠠᠨ ᠵᠢᠯ ᠤᠨ ᠠᠵᠢᠯᠯᠠᠭ᠎ᠠ   ᠪᠠᠷ ᠳᠠᠮᠵᠢᠨ ᠨᠡᠩ ᠢᠯᠡᠭᠦᠦ ᠰᠡᠷᠭᠦᠭᠡᠬᠦ ᠬᠦᠴᠦᠨ  ᠪᠠ ᠵᠢᠳᠭᠦᠭᠦ ᠬᠦᠴᠦᠨ ᠲᠠᠢ ᠰᠣᠶᠣᠯ ᠤᠨ ᠰᠠᠯᠠᠭ᠎ᠠ ᠮᠥᠴᠢᠷ ᠢ ᠪᠦᠲᠦᠭᠡᠨ  ᠪᠠᠶᠢᠭᠤᠯᠬᠤ 》 ᠢᠶᠠᠷ ᠭᠤᠣᠯ ᠰᠡᠳᠦᠪ ᠪᠣᠯᠭᠠᠵᠤ᠂ ᠰᠣᠶᠣᠯ ᠤᠨ ᠬᠤᠪᠢᠰᠤᠯᠲᠠ ᠶᠢ ᠪᠡᠶᠡᠯᠡᠭᠦᠯᠬᠦ ᠳᠠᠯᠳᠠ ᠬᠦᠴᠦᠨ᠂ ᠰᠣᠶᠣᠯ ᠤᠨ ᠪᠠᠶᠢᠭᠤᠯᠤᠮᠵᠢ ᠵᠢᠴᠢ ᠠᠵᠢᠯ ᠡᠷᠬᠢᠯᠡᠭᠴᠢᠳ ᠤᠨ ᠪᠠᠶᠢᠷᠢ ᠰᠠᠭᠤᠷᠢ᠂ ᠡᠷᠬᠡ ᠲᠡᠭᠰᠢ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠳᠠᠮᠵᠢᠭᠤᠯᠤᠨ ᠬᠢᠵᠢᠭ ᠤᠨ ᠳᠠᠷᠠᠭᠠᠬᠢ ᠰᠡᠷᠭᠦᠭᠡᠯᠲᠡ ᠶᠢ ᠳᠡᠮᠵᠢᠬᠦ᠂ ᠰᠣᠶᠣᠯ ᠢ ᠦᠷᠭᠦᠯᠵᠢᠯᠡᠭᠦᠶᠢᠴᠡ ᠬᠥᠭᠵᠢᠯᠲᠡ ᠶᠢᠨ ᠭᠤᠣᠯ ᠤᠷᠤᠰᠬᠠᠯ ᠳᠤ ᠣᠷᠣᠭᠤᠯᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠪᠡ  ᠃                        
    75 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠲᠡᠷᠢᠭᠦᠯᠡᠭᠴᠢ ᠪᠤᠽᠺᠤᠷ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠤ ᠠᠬᠤᠢ ᠪᠠ ᠨᠡᠶᠢᠭᠡᠮ ᠤᠨ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠠᠺᠷᠠᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ  ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠷᠠᠯᠢᠭ ᠤᠨ ᠵᠣᠬᠢᠶᠠᠨ ᠪᠠᠶᠢᠭᠤᠯᠤᠯᠲᠠ ᠶᠢᠨ ᠰᠣᠶᠣᠯ ᠤᠨ ᠲᠤᠰᠠᠯᠠᠭᠴᠢ ᠶᠡᠷᠦᠩᠬᠡᠢ ᠠᠵᠢᠯᠯᠠᠭᠴᠢ ᠤᠲ᠋ᠦ᠋ᠸᠧᠨᠧ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠤᠨ ᠣᠷᠣᠯᠠᠭᠴᠢ ᠨᠠᠷᠢᠨ ᠪᠢᠴᠢᠭ ᠤᠨ ᠳᠠᠷᠤᠭ᠎ᠠ ᠳ᠋ᠦᠷᠠᠨᠲ ᠵᠢᠴᠢ ᠳᠤᠮᠳᠠᠳᠤ ᠤᠯᠤᠰ᠂ ᠺᠣᠯᠣᠮᠪᠢᠶ᠎ᠠ᠂ ᠰᠧᠷᠪᠢᠶ᠎ᠠ᠂ ᠺᠣᠷᠢᠶᠠ᠂ ᠭᠧᠷᠮᠠᠨ᠂ ᠪᠷᠠᠽᠢᠯ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ ᠵᠡᠷᠭᠡ 40 ᠰᠢᠬᠠᠮ ᠤᠯᠤᠰ ᠤᠨ ᠰᠣᠶᠣᠯ ᠤᠨ ᠶᠠᠮᠤᠨ ᠤ ᠰᠠᠶᠢᠳ ᠪᠤᠶᠤ ᠲᠥᠯᠥᠭᠡᠯᠡᠭᠴᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ  ᠃     ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠶᠠᠷᠢᠶᠠᠨ ᠳᠤ  ᠪᠠᠨ᠂ ᠳᠤᠮᠳᠠᠳᠤ ᠤᠯᠤᠰ ᠤᠨ ᠠᠷᠠᠳ ᠲᠦᠮᠡᠨ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ   ᠤᠯᠬᠤ   ᠪᠠᠷ ᠪᠤᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠦᠬᠦ ᠲᠠᠯ᠎ᠠ ᠶᠢᠨ ᠢᠯᠠᠯᠲᠠ ᠶᠢ ᠤᠯᠪᠠ  ᠃ ᠡᠶᠢᠮᠦᠷᠭᠦᠦ ᠲᠡᠦᠬᠡᠨ ᠨᠥᠬᠦᠴᠡᠯ ᠳᠣᠣᠷ᠎ᠠ᠂ ᠪᠢᠳᠠ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢ ᠪᠣᠳᠣᠯᠬᠢᠯᠠᠨ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠣᠶᠣᠯ ᠤᠨ ᠪᠠᠶᠢᠭᠤᠯᠤᠯᠲᠠ ᠳᠤ ᠪᠠᠶᠢᠷᠢᠯᠠᠭᠤᠯᠤᠯᠲᠠ ᠬᠢᠵᠦ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠴᠠᠭ ᠤᠨ ᠬᠦᠰᠦᠨᠦᠭᠲᠦ ᠪᠣᠯᠤᠨ ᠱᠤᠭᠤᠮ ᠤᠨ ᠵᠢᠷᠤᠭ ᠲᠣᠭᠲᠠᠭᠠᠵᠠᠢ ᠭᠡᠵᠦ ᠢᠯᠡᠷᠬᠡᠶᠢᠯᠡᠪᠡ᠃ ᠵᠠᠩ ᠰᠢᠤᠢ᠂ ᠰᠣᠶᠣᠯ ᠨᠢ ᠬᠢᠵᠢᠭ ᠤᠨ ᠳᠠᠷᠠᠭᠠᠬᠢ ᠰᠡᠷᠭᠦᠯᠲᠡ᠂ ᠠᠷᠠᠳ ᠤᠯᠠᠨ ᠤ ᠢᠲᠡᠭᠡᠯ ᠢ ᠬᠥᠪᠴᠢᠯᠡᠬᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠢ ᠪᠣᠯᠭᠠᠬᠤ᠂ ᠨᠡᠶᠢᠭᠡᠮ ᠤᠨ ᠰᠡᠷᠭᠦᠭᠡᠬᠦ ᠬᠦᠴᠦᠨ ᠢ ᠳᠡᠭᠡᠭᠰᠢᠯᠡᠭᠦᠯᠬᠦ ᠪᠠ ᠦᠷᠭᠦᠯᠵᠢᠯᠡᠭᠦᠶᠢᠴᠡ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠦᠢᠯᠡᠳᠦᠯ ᠪᠣᠯᠤᠨ ᠬᠤᠪᠢ ᠨᠡᠮᠡᠷᠢ ᠲᠠᠰᠤᠷᠠᠯᠳᠠ ᠦᠭᠡᠢ ᠲᠤᠪᠤᠶᠢᠮ᠎ᠠ ᠪᠣᠯᠪᠠ  ᠃ ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠣᠯᠠᠨ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠰᠣᠶᠣᠯ ᠤᠨ ᠰᠠᠯᠠᠭ᠎ᠠ ᠮᠥᠴᠢᠷ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢᠳᠡᠪᠬᠢᠲᠡᠶ ᠦᠷ᠎ᠡ ᠪᠦᠲᠦᠮᠵᠢ ᠤᠯᠤᠭᠰᠠᠨ ᠪᠠᠶᠢᠨ᠎ᠠ ᠭᠡᠵᠦ ᠴᠢᠬᠤᠯᠠᠴᠢᠯᠠᠪᠠ᠃ ᠵᠠᠩ ᠰᠢᠤᠢ ᠡᠯ᠎ᠡ ᠤᠯᠤᠰ ᠤᠨ ᠬᠢᠨ ᠬᠠᠮᠲᠤ ᠪᠠᠷ ᠴᠢᠷᠮᠠᠶᠢᠵᠤ᠂ ᠪᠣᠯᠪᠠᠰᠤᠨ ᠤ ᠰᠣᠯᠢᠯᠴᠠᠭ᠎ᠠ ᠲᠤᠯᠢᠳᠠᠯ ᠪᠣᠯᠤᠨ ᠰᠣᠶᠣᠯ ᠤᠨ ᠬᠤᠭᠤᠷᠣᠨᠳᠣᠬᠢ ᠶᠠᠷᠢᠯᠴᠠᠭ᠎ᠠ ᠶᠢ ᠤᠯᠠᠮ ᠴᠢᠨᠠᠭᠰᠢᠳᠠ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ  ᠤ ᠬᠠᠮᠲᠤ ᠶᠢᠨ ᠴᠣᠭᠴᠠ ᠶᠢ ᠪᠠᠶᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ  ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠤᠷᠢᠶᠠᠯᠠᠪᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号