ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠠᠪᠤᠭᠳᠠᠪᠠ ᠯᠢ ᠺᠧ ᠴᠢᠶᠠᠩ᠄ ᠳᠤᠮᠳᠠᠳᠤ ᠭᠧᠷᠮᠠᠨ ᠤ ᠬᠢᠨ ᠨᠡᠬᠡᠬᠡᠯᠳᠡ ᠬᠢᠬᠦ᠂ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2021/5/6
     ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠠᠪᠤᠭᠳᠠᠪᠠ ᠯᠢ ᠺᠧ ᠴᠢᠶᠠᠩ᠄      ᠳᠤᠮᠳᠠᠳᠤ ᠭᠧᠷᠮᠠᠨ ᠤ ᠬᠢᠨ ᠨᠡᠭᠡᠭᠡᠯᠲᠡ ᠬᠢᠬᠦ᠂ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠠᠰᠢᠭ ᠭᠥᠷᠳᠡᠬᠦ ᠬᠠᠮᠲᠤᠷᠠᠯᠴᠠᠭ᠎ᠠ ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠳᠢᠣ᠋ ᠬᠡᠯᠪᠡᠷᠢ ᠪᠠᠷ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠬᠠᠮᠲᠤ ᠪᠠᠷ ᠵᠢᠷᠭᠤᠳᠤᠭᠠᠷ ᠡᠭᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠢ ᠡᠷᠬᠢᠯᠡᠪᠡ᠃
               ᠯᠢ ᠺᠧ ᠴᠢᠶᠠᠩ ᠡᠩ ᠲᠡᠷᠢᠭᠦᠨ ᠳᠤ ᠡᠬᠢᠯᠡᠯᠲᠡ ᠶᠢᠨ ᠦᠭᠡ ᠬᠡᠯᠡᠪᠡ᠃ ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠬᠢᠬᠦ ᠲᠣᠭᠲᠠᠴᠠ ᠨᠢ ᠳᠤᠮᠳᠠᠳᠤ ᠭᠧᠷᠮᠠᠨ ᠤ ᠪᠣᠳᠠᠲᠠᠢ ᠶᠢ ᠡᠷᠬᠢᠮᠯᠡᠨ ᠬᠠᠮᠲᠤᠷᠠᠯᠴᠠᠭ᠎ᠠ ᠬᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠯ᠎ᠠ ᠪᠠᠷ ᠶᠡᠷᠦ ᠠᠴᠠ ᠪᠠᠨ ︽ᠳᠡᠰ ᠠᠴᠠ ᠳᠠᠪᠠᠭᠰᠠᠨ ᠬᠥᠳᠡᠯᠭᠡᠭᠦᠷ ᠮᠠᠰᠢᠨ︾ ᠤ ᠦᠢᠯᠡᠳᠦᠯ ᠢ ᠪᠠᠳᠠᠷᠠᠭᠤᠯᠤᠭᠰᠠᠭᠠᠷ ᠢᠷᠡᠵᠠᠢ ᠭᠡᠵᠦ ᠬᠡᠯᠡᠵᠦ ᠪᠣᠯᠣᠨ᠎ᠠ᠃ ᠣᠳᠣᠬᠠᠨ ᠤ ᠬᠢᠵᠢᠭ ᠤᠨ ᠪᠠᠶᠢᠳᠠᠯ ᠮᠥᠨ ᠬᠦ ᠥᠷᠭᠡᠵᠢᠨ ᠳᠡᠯᠭᠡᠷᠡᠵᠦ ᠪᠠᠶᠢᠭ᠎ᠠ ᠪᠠᠶᠢᠳᠠᠯ ᠳᠣᠣᠷ᠎ᠠ᠂ ᠪᠢᠳᠡ ︽ᠡᠭᠦᠯᠡᠨ ᠶᠠᠷᠢᠯᠴᠠᠭ᠎ᠠ︾ ᠭᠡᠬᠦ ᠣᠨᠴᠠᠭᠠᠶ ᠠᠷᠭ᠎ᠠ ᠮᠠᠶ᠋ᠢᠭ ᠢᠶᠠᠷ ᠳᠠᠮᠵᠢᠭᠤᠯᠤᠨ ᠵᠥᠪᠳᠡᠯᠴᠡᠭᠡ ᠬᠢᠵᠦ᠂ ᠬᠤᠶᠠᠷ ᠲᠠᠯ᠎ᠠ ᠶᠢᠨ ᠬᠢᠨ ᠤ 25 ᠶᠠᠮᠤᠨ ᠤ ᠰᠠᠶᠢᠳ ᠣᠷᠣᠯᠴᠠᠵᠤ᠂ ᠡᠨᠡ ᠨᠢ ᠡᠳᠡᠭᠡᠷ ᠵᠢᠯ ᠤᠳ ᠤᠨ ᠬᠠᠮᠤᠭ ᠤᠨ ᠶᠡᠭᠡ ᠡᠩᠨᠡᠭᠡ ᠪᠠᠶᠢᠵᠤ᠂ ᠪᠢᠳᠡ ᠤ ᠳᠤᠮᠳᠠᠳᠤ ᠭᠧᠷᠮᠠᠨ ᠤ ᠬᠠᠷᠢᠴᠠᠭ᠎ᠠ ᠪᠣᠯᠤᠨ ᠪᠣᠳᠠᠲᠤ ᠠᠵᠢᠯᠯᠠᠭ᠎ᠠ ᠶᠢ ᠡᠷᠬᠢᠮᠯᠡᠨ ᠬᠠᠮᠲᠤᠷᠠᠯᠴᠠᠭ᠎ᠠ ᠬᠢᠬᠦ ᠶᠢ ᠴᠢᠬᠤᠯᠠᠴᠢᠯᠠᠵᠤ ᠪᠠᠶᠢᠭ᠎ᠠ ᠶᠢ ᠭᠦᠢᠴᠡᠳ ᠬᠠᠷᠠᠭᠤᠯᠵᠤ ᠪᠠᠶᠢᠭ᠎ᠠ ᠶᠤᠮ᠃ ᠬᠦᠨᠳᠦ ᠨᠣᠴᠢᠲᠠᠢ ᠬᠢᠵᠢᠭ ᠤᠨ ᠪᠠᠶᠢᠳᠠᠯ ᠨᠢ ᠳᠡᠯᠡᠬᠡᠢ ᠨᠡᠶᠢᠭᠡᠮ ᠤᠨ ᠬᠢᠨ ᠢ ᠬᠠᠮᠲᠤᠷᠠᠯᠴᠠᠭ᠎ᠠ ᠬᠢᠬᠦ ᠬᠦᠴᠦᠲᠦ ᠳᠠᠭᠤᠨ ᠢ ᠴᠤᠤᠷᠢᠶᠠᠲᠤᠭᠤᠯᠵᠤ᠂ ᠪᠦᠯᠬᠦᠮᠳᠡᠯ ᠤᠨ ᠬᠦᠴᠦᠨ ᠢᠶᠠᠨ ᠢᠯᠡᠷᠡᠭᠦᠯᠬᠦ ᠶᠢ ᠤᠷᠢᠶᠠᠯᠠᠵᠤ ᠪᠠᠶᠢᠨ᠎ᠠ᠃ ᠭᠠᠭᠴᠠ ᠬᠦ ᠪᠦᠯᠬᠦᠮᠳᠡᠨ ᠬᠠᠮᠲᠤᠷᠠᠯᠴᠠᠪᠠᠯ ᠡᠯ᠎ᠡ ᠤᠯᠤᠰ ᠰᠠᠶ᠋ᠢ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠪᠡᠳᠴᠢᠨ ᠤ ᠸᠢᠷᠦ᠋ᠰ ᠢ ᠬᠠᠮᠲᠤ ᠪᠠᠷ ᠢᠯᠠᠵᠤ ᠴᠢᠳᠠᠨ᠎ᠠ᠃ ᠭᠠᠭᠴᠠ ᠬᠦ ᠪᠦᠯᠬᠦᠮᠳᠡᠨ ᠬᠠᠮᠲᠤᠷᠠᠯᠴᠠᠪᠠᠯ ᠪᠢᠳᠡ ᠰᠠᠶ᠋ᠢ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠨᠡᠮᠡᠭᠳᠡᠯ ᠢ ᠠᠬᠢᠭᠤᠯᠵᠤ ᠴᠢᠳᠠᠨ᠎ᠠ ᠭᠡᠵᠡᠢ᠃
     ᠯᠢ ᠺᠧ ᠴᠢᠶᠠᠩ ᠵᠢᠭᠠᠬᠤ ᠳᠤ ᠪᠠᠨ᠂ ᠳᠡᠭᠡᠷ᠎ᠡ ᠤᠳᠠᠭ᠎ᠠ ᠶᠢᠨ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠠᠴᠠ ᠨᠠᠭᠠᠰᠢᠬᠢ ᠬᠤᠶᠠᠷ ᠵᠢᠯ ᠭᠠᠷᠤᠢ ᠶᠢᠨ ᠬᠤᠭᠤᠴᠠᠭ᠎ᠠ ᠶᠢ ᠡᠷᠭᠢᠴᠡᠭᠦᠯᠪᠡᠯ᠂ ᠬᠤᠶᠠᠷ ᠤᠯᠤᠰ ᠤᠨ ᠬᠠᠮᠲᠤᠷᠠᠯᠴᠠᠭ᠎ᠠ ᠪᠠᠰᠠ ᠰᠢᠨ᠎ᠡ ᠠᠬᠢᠴᠠ ᠲᠠᠢ ᠪᠣᠯᠪᠠ᠃ ᠳᠤᠮᠳᠠᠳᠤ ᠤᠯᠤᠰ ᠤᠨ ᠭᠠᠳᠠᠭᠠᠳᠤ ᠨᠡᠬᠡᠬᠡᠯᠳᠡ ᠳᠠᠰᠤᠷᠠᠯᠳᠠ ᠦᠬᠡᠢ ᠥᠷᠭᠡᠵᠢᠵᠦ᠂ ᠬᠤᠯᠪᠣᠭᠳᠠᠯ ᠪᠦᠬᠦᠢ ᠰᠢᠨ᠎ᠡ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠭᠧᠷᠮᠠᠨ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠡᠭᠦᠨ ᠠᠴᠠ ᠠᠰᠢᠭ ᠬᠦᠷᠳᠡᠵᠤ ᠪᠠᠶᠢᠨ᠎ᠠ᠃ ᠨᠢᠳᠤᠨᠤᠨ ᠬᠡᠳᠦ᠋ᠢᠪᠡᠷ ᠬᠢᠵᠢᠭ ᠤᠨ ᠲᠠᠭᠠᠷᠢᠯᠳᠠ ᠳᠤ ᠤᠴᠠᠷᠠᠭᠰᠠᠨ ᠪᠣᠯᠪᠠᠴᠤ᠂ ᠳᠤᠮᠳᠠᠳᠤ ᠭᠧᠷᠮᠠᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠮᠥᠨ ᠬᠦ ᠤᠷᠤᠰᠬᠠᠯ ᠰᠥᠷᠥᠨ ᠨᠡᠮᠡᠭᠳᠡᠵᠦ᠂ ᠳᠤᠮᠳᠠᠳᠤ ᠭᠧᠷᠮᠠᠨ ᠤ ᠬᠠᠮᠲᠤᠷᠠᠯᠴᠠᠭ᠎ᠠ ᠶᠢᠨ ᠥᠨᠳᠥᠷ ᠲᠦᠪᠰᠢᠨ ᠪᠠ ᠯᠤᠲᠤ ᠶᠡᠭᠡ ᠲᠠᠯᠳᠠ ᠬᠦᠴᠦᠨ ᠢ ᠭᠦᠢᠴᠡᠳ ᠢᠯᠡᠷᠡᠭᠦᠯᠵᠡᠢ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠶᠢᠨ ᠰᠢᠭᠤᠳ ᠠᠰᠢᠭ ᠬᠦᠷᠳᠡᠭᠴᠢ ᠪᠣᠯ ᠬᠤᠶᠠᠷ ᠤᠯᠤᠰ ᠤᠨ ᠠᠷᠠᠳ ᠲᠦᠮᠡᠨ ᠪᠣᠯᠤᠨ᠎ᠠ᠂ ᠡᠭᠦᠨ ᠤ ᠬᠠᠮᠲᠤ ᠳᠡᠯᠡᠬᠡᠢ ᠶᠢᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠳᠤ ᠠᠰᠢᠭᠲᠠᠢ ᠶᠤᠮ᠃ ᠣᠳᠣᠬᠠᠨ ᠳᠤ ᠳᠡᠯᠡᠬᠡᠶ ᠶᠢᠨ ᠪᠠᠶᠢᠳᠠᠯ ᠳᠤ ᠨᠠᠷᠢᠨ ᠪᠤᠳᠤᠯᠢᠶᠠᠨᠲᠠᠶ ᠪᠥᠭᠡᠳ ᠭᠦᠨᠵᠡᠭᠡᠶ ᠬᠤᠪᠢᠷᠠᠯᠲᠠ ᠭᠠᠷᠴᠤ᠂ ᠬᠢᠵᠢᠭ ᠤᠨ ᠪᠠᠶᠢᠳᠠᠯ ᠬᠠᠷᠠᠬᠠᠨ ᠠᠷᠢᠯᠤᠭ᠎ᠠ ᠥᠬᠡᠶ᠂ ᠬᠠᠮᠠᠭᠠᠯᠠᠬᠤ ᠦᠵᠡᠯ ᠦᠷᠭᠦᠯᠵᠢᠯᠡᠨ ᠣᠷᠣᠰᠢᠵᠤ ᠪᠣᠢ᠃ ᠳᠤᠮᠳᠠᠳᠤ ᠭᠧᠷᠮᠠᠨ ᠬᠤᠶᠠᠷ ᠤᠯᠤᠰ ᠳᠡᠯᠡᠬᠡᠢ ᠶᠢᠨ ᠭᠤᠣᠯ ᠪᠣᠯᠬᠤ ᠠᠵᠤ ᠠᠬᠤᠢ ᠶᠢᠨ ᠴᠣᠭᠴᠠ ᠪᠠ ᠨᠥᠯᠥᠭᠡᠯᠡᠬᠦ ᠬᠦᠴᠦᠨ ᠪᠦᠬᠦᠢ ᠤᠯᠤᠰ ᠪᠣᠯᠤᠭᠰᠠᠨ ᠤ ᠬᠤᠪᠢ ᠳᠤ᠂ ᠴᠥᠮ ᠤᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶ᠎ᠠ ᠶᠢ ᠳᠡᠮᠵᠢᠵᠦ᠂ ᠬᠤᠶᠠᠷ ᠲᠠᠯ᠎ᠠ ᠪᠠᠷ ᠢᠶᠠᠨ ᠨᠡᠬᠡᠬᠡᠯᠳᠡ ᠬᠢᠬᠦ᠂ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ ᠭᠡᠵᠡᠢ᠃ ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠳᠤᠮᠳᠠᠳᠤ ᠭᠧᠷᠮᠠᠨ ᠬᠤᠶᠠᠷ ᠲᠠᠯ᠎ᠠ ᠪᠠᠷ ᠢᠶᠠᠨ ᠵᠠᠷᠢᠮ ᠠᠰᠠᠭᠤᠳᠠᠯ ᠤᠨ ᠲᠠᠯ᠎ᠠ ᠪᠠᠷ ᠠᠳᠠᠯᠢ ᠪᠤᠰᠤ ᠦᠵᠡᠯᠲᠡ ᠲᠠᠢ ᠪᠠᠶᠢᠨ᠎ᠠ᠂ ᠡᠨᠡ ᠪᠣᠯ ᠪᠤᠰᠤᠳᠴᠢ ᠪᠣᠳᠠᠲᠤ ᠶᠠᠪᠤᠳᠠᠯ ᠮᠥᠨ᠃ ᠬᠤᠶᠠᠷ ᠲᠠᠯ᠎ᠠ ᠪᠠᠷ ᠢᠶᠠᠨ ᠨᠦᠬᠦᠬᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠦᠨᠳᠦᠳᠬᠡᠵᠦ᠂ ᠬᠠᠷᠢᠯᠴᠠᠨ ᠡᠷᠬᠡ ᠲᠡᠭᠰᠢ ᠪᠠᠷ ᠬᠠᠨᠲᠤᠵᠤ᠂ ᠬᠠᠷᠢᠯᠴᠠᠨ ᠳᠣᠲᠣᠭᠠᠳᠤ ᠵᠠᠰᠠᠭ ᠲᠤ ᠭᠠᠷ ᠦᠯᠦ ᠲᠦᠷᠦᠭᠦ ᠰᠠᠭᠤᠷᠢᠨ ᠳᠡᠭᠡᠷ᠎ᠡ ᠣᠶᠢᠯᠠᠭᠠᠯᠴᠠᠭ᠎ᠠ ᠰᠣᠯᠢᠯᠴᠠᠭ᠎ᠠ ᠬᠢᠵᠦ᠂ ᠢᠲᠡᠭᠡᠯᠴᠡᠭᠡ ᠪᠠᠨ ᠨᠡᠮᠡᠭᠳᠡᠭᠦᠯᠦᠨ ᠡᠷᠡᠭᠡᠯᠵᠡᠭᠡ ᠰᠡᠵᠢᠭᠯᠡᠯ ᠢᠶᠠᠨ ᠲᠠᠶᠢᠯᠵᠤ᠂ ᠵᠥᠷᠢᠯᠳᠦᠭᠡᠨ ᠢᠶᠠᠨ ᠪᠠᠭᠠᠰᠬᠠᠵᠤ᠂ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠳᠡᠭ ᠯᠡ ᠶᠤᠮ ᠪᠣᠯ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠤᠷᠤᠭᠰᠢᠲᠠᠢ ᠥᠷᠨᠢᠭᠦᠯᠬᠦ ᠳᠤ ᠠᠰᠢᠭᠲᠠᠢ ᠨᠥᠬᠦᠴᠡᠯ ᠢ ᠡᠭᠦᠳᠴᠦ ᠴᠢᠳᠠᠨ᠎ᠠ᠃ ᠢᠷᠡᠬᠦ ᠵᠢᠯ ᠪᠣᠯ ᠳᠤᠮᠳᠠᠳᠤ ᠭᠧᠷᠮᠠᠨ ᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠢᠷᠡᠭᠡᠳᠦᠢ ᠶᠢᠨ 50 ᠵᠢᠯ ᠤᠨ ᠬᠠᠮᠲᠤᠷᠠᠯᠴᠠᠭ᠎ᠠ ᠶᠢ ᠪᠣᠳᠣᠯᠬᠢᠯᠠᠵᠤ᠂ ᠬᠠᠷᠢᠯᠴᠠᠨ ᠦᠨᠡᠨᠴᠢ ᠪᠠᠷ ᠬᠠᠨᠳᠤᠵᠤ᠂ ᠬᠠᠮᠲᠤᠷᠠᠯᠴᠠᠨ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠴᠢᠬᠤᠯᠠ ᠪᠤᠰᠤ ᠬᠠᠷᠰᠢᠯᠠᠯ ᠢ ᠠᠷᠢᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠢ ᠬᠦᠰᠡᠵᠦ ᠪᠠᠶᠢᠨ᠎ᠠ᠃ ᠡᠨᠡ ᠨᠢ ᠳᠤᠮᠳᠠᠳᠤ ᠭᠧᠷᠮᠠᠨ ᠳᠤ ᠠᠰᠢᠭᠲᠠᠢ ᠪᠠᠷ ᠪᠠᠷᠠᠬᠤ ᠦᠭᠡᠢ ᠳᠡᠯᠡᠬᠡᠢ ᠳ᠋ᠠᠬᠢᠨ ᠳᠤ ᠴᠤ ᠠᠰᠢᠭᠲᠠᠢ ᠶᠤᠮ ᠭᠡᠵᠡᠢ᠃    
     ᠮᠤᠺᠧᠷ ᠡᠬᠢᠯᠡᠯᠲᠡ ᠶᠢᠨ ᠦᠭᠡ ᠳᠤ ᠪᠠᠨ ᠢᠯᠡᠷᠬᠡᠶᠢᠯᠡᠭᠰᠡᠨ ᠨᠢ᠂ ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠬᠢᠬᠦ ᠲᠣᠭᠲᠠᠴᠠ ᠶᠢᠨ ᠠᠬᠢᠭᠤᠯᠤᠯ ᠳᠣᠣᠷ᠎ᠠ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠨᠡᠶᠢᠭᠡᠮ᠂ ᠢᠳᠡᠭᠡᠨ ᠤ ᠠᠮᠤᠷ ᠲᠦᠪᠰᠢᠨ᠂ ᠦᠷᠭᠦᠯᠵᠢᠯᠡᠬᠦ᠋ᠢᠴᠡ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠰᠢᠨ᠎ᠡ ᠥᠷᠭᠡᠴᠡ ᠪᠠ ᠭᠦᠨᠴᠡ ᠲᠠᠢ ᠪᠣᠯᠵᠠᠢ᠂ ᠡᠨᠡ ᠬᠦ ᠲᠣᠭᠲᠠᠴᠠ ᠶᠢᠨ ᠦᠷᠭᠦᠯᠵᠢᠯᠡᠨ ᠶᠠᠪᠤᠭᠳᠠᠬᠤ ᠶᠢ ᠬᠦᠰᠡᠵᠦ ᠪᠠᠶᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠳᠡᠯᠡᠬᠡᠢ ᠨᠡᠶᠢᠭᠡᠮ ᠤᠨ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠬᠦ ᠳᠤ ᠴᠢᠬᠤᠯᠠ ᠦᠢᠯᠡᠳᠦᠯ ᠦᠵᠡᠭᠦᠯᠵᠦ ᠪᠤᠢ᠂ ᠭᠧᠷᠮᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠸᠠᠺᠼᠢᠨ ᠤ ᠦᠢᠯᠡᠳᠪᠦᠷᠢᠯᠡᠯ ᠪᠣᠯᠤᠨ ᠬᠠᠷᠢᠯᠴᠠᠨ ᠮᠠᠭᠠᠳᠯᠠᠨ ᠲᠣᠭᠲᠠᠭᠠᠬᠤ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠤᠨ᠎ᠠ᠃ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠪᠣᠯ ᠢᠯᠡ ᠲᠣᠳᠣ ᠪᠥᠭᠡᠳ ᠡᠷᠬᠡ ᠲᠡᠭᠰᠢ ᠪᠠᠶᠢᠵᠤ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠳᠤ ᠨᠡᠩ ᠤᠯᠠᠨ ᠪᠠᠲᠤᠯᠠᠭ᠎ᠠ ᠬᠠᠩᠭᠠᠬᠤ ᠪᠣᠯᠤᠨ᠎ᠠ᠃ ᠭᠧᠷᠮᠠᠨ ᠳᠤᠮᠳᠠᠳᠤ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠳᠤᠮᠳᠠᠳᠤ ᠶᠢᠨ ᠲᠠᠯ᠎ᠠ ᠶᠢᠨ ᠬᠢᠨ ᠲᠠᠢ ᠶᠠᠷᠢᠯᠴᠠᠭ᠎ᠠ ᠰᠣᠯᠢᠯᠴᠠᠭ᠎ᠠ ᠪᠠᠨ ᠪᠠᠲᠤᠯᠠᠵᠤ᠂ ᠣᠶᠢᠯᠠᠭᠠᠯᠴᠠᠭ᠎ᠠ ᠪᠠᠨ ᠤᠯᠠᠮ ᠴᠢᠨᠠᠭᠰᠢᠳᠠ ᠨᠡᠮᠡᠭᠳᠡᠭᠦᠯᠬᠦ ᠶᠢ ᠭᠧᠷᠮᠠᠨ ᠤ ᠲᠠᠯ᠎ᠠ ᠶᠢᠨ ᠬᠢᠨ ᠬᠦᠰᠡᠵᠦ ᠪᠠᠶᠢᠨ᠎ᠠ᠃      ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号