ᠳᠤᠮᠳᠠᠳᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠲᠢᠶᠠᠠ ᠡᡁᠧ ᠭᠤᠣᠯ ᠦᠷᠦᠬᠡ ᠶᠢ ᠬᠠᠷᠪᠤᠬᠤ ᠡᠭᠦᠷᠭᠡ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/5/6
     ᠰᠢ ᠶᠢᠨ ᠫᠢᠩ ᠨᠠᠮ ᠤᠨ ᠲᠥᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠴᠠᠬᠢᠯᠭᠠᠨ ᠴᠢᠮᠡᠭᠡ ᠶᠠᠪᠤᠭᠤᠯᠵᠦ ᠪᠠᠶᠠᠷ ᠬᠦᠷᠭᠡᠵᠠᠢ      ᠯᠢ ᠺᠧ ᠴᠢᠶᠠᠩ ᠸᠠᠩ ᠬᠤ᠋ ᠨᠢᠩ ᠪᠡᠭᠡᠵᠢᠩ ᠳᠤ ᠬᠠᠷᠪᠤᠯᠳᠠ ᠶᠢᠨ ᠪᠤᠳᠠᠳᠤ ᠪᠠᠶᠢᠳᠠᠯ ᠢ ᠦᠵᠡᠵᠠᠢ      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ ᠤᠨ 11 ᠴᠠᠭ 23 ᠮᠢᠨᠦ᠋ᠲ ᠲᠤ᠂ ᠳᠤᠮᠳᠠᠳᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠲᠢᠶᠠᠠ ᠡᡁᠧ ᠭᠤᠣᠯ ᠦᠷᠦᠬᠡ ᠶᠢ ᠣᠭᠲᠠᠷᠭᠤᠢ ᠳᠤ ᠬᠠᠷᠪᠤᠵᠤ ᠭᠠᠷᠭᠠᠨ᠂ ᠵᠢᠱᠢᠭᠰᠡᠨ ᠲᠣᠭᠤᠷᠢᠯᠲᠠ ᠶᠢᠨ ᠵᠠᠮ ᠳᠤ ᠣᠨᠣᠪᠴᠢᠲᠠᠢ ᠣᠷᠣᠵᠤ᠂ ᠬᠠᠷᠪᠤᠯᠳᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠠᠢ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠣᠭᠲᠠᠷᠭᠤᠢ ᠶᠢᠨ ᠦᠷᠳᠡᠭᠡ ᠶᠢᠨ ᠱᠠᠳᠤᠴᠢ ᠴᠢᠨᠠᠷᠲᠠᠢ ᠨᠢᠰᠦᠯᠲᠡ ᠶᠢᠨ ᠡᠭᠦᠷᠭᠡ ᠶᠢᠨ ᠶᠡᠷᠦᠩᠬᠡᠢ ᠵᠢᠯᠣᠭᠤᠳᠬᠤ ᠭᠠᠵᠠᠷ ᠬᠢᠭᠡᠳ ᠲᠢᠶᠠᠨ ᠾᠧ ᠭᠤᠣᠯ ᠦᠷᠦᠬᠡ ᠶᠢᠨ ᠬᠠᠷᠪᠤᠯᠲᠠ ᠶᠢᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠨ ᠡᠯ᠎ᠡ ᠪᠠᠶᠢᠭᠤᠯᠭ᠎ᠠ ᠨᠢᠭᠡᠴᠢ ᠪᠣᠯᠤᠨ ᠪᠦᠬᠦ ᠨᠥᠬᠦᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠠᠢ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠣᠭᠲᠠᠷᠭᠤᠢ ᠶᠢᠨ ᠦᠷᠲᠡᠭᠡ ᠪᠠᠶᠢᠭᠤᠯᠬᠤ᠂ ᠤᠯᠤᠰ ᠤᠨ ᠰᠠᠨᠰᠠᠷ ᠤᠨ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠮᠠᠨ ᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠶᠢᠨ ᠴᠢᠬᠤᠯᠠ ᠬᠠᠷᠠᠯᠲᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠳᠠᠭᠠᠭᠤᠯᠬᠤ ᠴᠢᠨᠠᠷᠲᠠᠢ ᠢᠨᠵᠧᠨᠧᠷᠢᠩ ᠮᠥᠨ᠃ ᠲᠢᠶᠠᠨ ᠾᠧ ᠭᠤᠣᠯ ᠦᠷᠦᠬᠡ ᠶᠢ ᠠᠮᠵᠢᠯᠲᠠ ᠲᠠᠢ ᠬᠠᠷᠪᠤᠭᠰᠠᠨ ᠨᠢ ᠮᠠᠨ ᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠪᠦᠳᠦᠬᠡᠨ ᠪᠠᠶᠢᠭᠤᠯᠤᠯᠲᠠ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠤᠷᠤᠬᠰᠠᠨ ᠢ ᠬᠠᠷᠠᠭᠤᠯᠵᠤ᠂ ᠲᠠᠷᠠᠭᠠᠴᠢ ᠶᠢᠨ ᠡᠭᠦᠷᠭᠡ ᠶᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠦ ᠦᠭᠭᠦᠭᠰᠡᠨ ᠪᠠᠶᠢᠨ᠎ᠠ᠃ ᠲᠠ ᠨᠠᠷ ᠤᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ ᠪᠣᠯᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠰᠢᠨ᠎ᠡ ᠶᠢ ᠡᠭᠦᠳᠴᠤ ᠳᠠᠪᠠᠨ ᠲᠤᠭᠤᠯᠵᠤ᠂ ᠣᠭᠲᠠᠷᠭᠤᠢ ᠶᠢᠨ ᠦᠷᠲᠡᠭᠡ ᠪᠠᠶᠢᠭᠤᠯᠬᠤ ᠡᠭᠦᠷᠭᠡ ᠶᠢᠨ ᠪᠦᠬᠦ ᠲᠠᠯ᠎ᠠ ᠶᠢᠨ ᠢᠯᠠᠯᠲᠠ ᠶᠢ ᠣᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠡ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ︕      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠠᠷᠪᠤᠯᠲᠠ ᠶᠢᠨ ᠪᠣᠳᠠᠲᠤ ᠪᠠᠶᠢᠳᠠᠯ ᠢ ᠦᠵᠡᠵᠠᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ ᠵᠠᠩ ᠶᠢᠦ ᠰᠢᠶᠠ ᠬᠠᠶᠢᠨᠠᠨ ᠤ ᠸᠧᠨᠴᠠᠩ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠬᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃      ᠯᠢᠦ ᠾᠧ᠂ ᠰᠢᠤᠢ ᠴᠢ ᠯᠢᠶᠠᠩ᠂ ᠰᠢᠶᠤᠤ ᠵᠢᠶᠧ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠠᠷᠪᠤᠯᠲᠠ ᠶᠢ ᠦᠵᠡᠵᠠᠢ᠃      ᠳᠤᠮᠳᠠᠳᠤ ᠤᠯᠤᠰ ᠤᠨ ᠣᠭᠲᠠᠷᠭᠤᠢ ᠶᠢᠨ ᠦᠷᠲᠡᠭᠡ ᠪᠣᠯ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ ᠪᠠᠶᠢᠭᠤᠯᠵᠤ ᠡᠵᠡᠩᠨᠡᠬᠦ ᠬᠥᠮᠦᠨ ᠰᠠᠭᠤᠯᠭᠠᠭᠰᠠᠨ ᠣᠭᠲᠠᠷᠭᠤᠢ ᠶᠢᠨ ᠦᠷᠲᠡᠭᠡ ᠪᠣᠯᠤᠨ᠎ᠠ᠂ ᠲᠢᠶᠠᠨ ᠾᠧ ᠭᠤᠣᠯ ᠦᠷᠦᠭᠡ᠂ ᠸᠧᠨ ᠲᠢᠶᠠᠨ ᠲᠤᠷᠰᠢᠯᠲᠠ ᠶᠢᠨ ᠦᠷᠦᠭᠡ᠂ ᠮᠧᠩ ᠲᠢᠶᠠᠨ ᠲᠤᠷᠰᠢᠯᠲᠠ ᠶᠢᠨ ᠦᠷᠦᠭᠡ ᠵᠡᠷᠭᠡ ᠭᠤᠷᠪᠠᠨ ᠦᠷᠦᠭᠡ ᠪᠠᠷ ᠪᠦᠷᠢᠯᠳᠦᠵᠡᠢ᠃ ᠲᠢᠶᠠᠨ ᠾᠧ ᠭᠤᠤᠯ ᠥᠷᠥᠭᠡ ᠪᠣᠯ ᠣᠭᠲᠠᠷᠭᠤᠶ ᠶᠢᠨ ᠥᠷᠲᠡᠭᠡ ᠶᠢᠨ ᠬᠠᠮᠢᠶᠠᠷᠤᠯᠲᠠ ᠪᠠ ᠡᠵᠡᠮᠳᠡᠬᠦ ᠲᠥᠪ ᠪᠠᠶᠢᠵᠤ᠂ ᠲᠣᠭᠤᠷᠢᠯᠲᠠ ᠶᠢᠨ ᠵᠠᠮ ᠳᠤ ᠣᠷᠣᠭᠤᠯᠤᠭᠰᠠᠨ ᠣᠭᠲᠠᠷᠭᠤᠶ ᠶᠢᠨ ᠥᠷᠲᠡᠭᠡ ᠶᠢᠨ ᠠᠩᠬᠠᠨ ᠤ ᠦᠷᠦᠭᠡ ᠪᠣᠯᠤᠨ᠎ᠠ᠃ ᠡᠭᠦᠷᠭᠡ ᠶᠢᠨ ᠲᠣᠬᠢᠷᠠᠭᠤᠯᠤᠯᠲᠠ ᠶᠢ ᠦᠨᠳᠦᠰᠦᠯᠡᠪᠡᠯ᠂ ᠤᠭᠲᠠᠷᠭᠤᠢ ᠶᠢᠨ ᠥᠷᠲᠡᠭᠡ ᠶᠢ 2022 ᠣᠨ ᠳᠤ ᠲᠣᠭᠤᠷᠢᠯᠲᠠ ᠶᠢᠨ ᠵᠠᠮ ᠳᠡᠭᠡᠷ᠎ᠡ ᠪᠠᠶᠢᠭᠤᠯᠵᠤ ᠳᠠᠭᠤᠰᠬᠠᠨ᠂ ᠭᠠᠵᠠᠷ ᠤᠨ ᠪᠥᠮᠪᠥᠷᠴᠡᠭ ᠠᠴᠠ ᠣᠶᠢᠷ᠎ᠠ ᠣᠭᠲᠠᠷᠭᠤᠶ ᠳᠤ ᠬᠦᠮᠦᠨ ᠤ ᠤᠷᠤᠯᠴᠠᠯᠭ᠎ᠠ ᠲᠠᠢ ᠰᠢᠨᠵᠢᠯᠡᠬᠦ ᠤᠬᠠᠭᠠᠨ ᠤ ᠲᠤᠷᠰᠢᠯᠲᠠ᠂ ᠮᠡᠷᠭᠡᠵᠢᠯ ᠤᠨ ᠲᠤᠷᠰᠢᠯᠲᠠ ᠶᠢ ᠣᠷᠳᠣ ᠬᠤᠭᠤᠴᠠᠭ᠎ᠠ ᠪᠠᠷ ᠥᠷᠨᠢᠭᠦᠯᠬᠦ ᠪᠠ ᠰᠠᠨᠰᠠᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠠᠠᠯᠠᠬᠤ ᠴᠢᠳᠠᠪᠤᠷᠢ ᠶᠢ ᠪᠦᠷᠢᠳᠦᠭᠦᠯᠵᠤ᠂ ᠬᠡᠷᠡᠭᠯᠡᠭᠡ ᠪᠠ ᠬᠥᠭᠵᠢᠯᠲᠡ ᠶᠢᠨ ᠱᠠᠲᠤᠨ ᠳᠤ ᠰᠢᠯᠵᠢᠬᠦ ᠪᠤᠯᠤᠨ᠎ᠠ᠃        
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号