ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ᠄ 2020 ᠣᠨ ᠤ 《 ᠲᠡᠷᠢᠬᠦᠨ  ᠤ  ᠵᠢᠭᠤᠯᠴᠢᠯᠠᠯ ᠤᠨ ᠬᠦᠲᠦᠴᠢ》 ᠶᠢ ᠬᠥᠮᠦᠵᠢᠭᠦᠯᠬᠦ ᠲᠥᠷᠥᠯ ᠵᠦᠶᠯ ᠢ ᠳᠠᠭᠤᠰᠬᠠᠵᠤ ᠰᠢᠯᠭᠠᠨ ᠠᠪᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2021/6/10
      ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠲᠦᠷᠦᠭᠦᠬᠡᠨ《 2020 ᠣᠨ ᠤ 〈 ᠲᠡᠷᠢᠬᠦᠨ  ᠤ ᠵᠢᠭᠤᠯᠴᠢᠯᠠᠯ  ᠤᠨ ᠬᠦᠲᠦᠴᠢ 〉 ᠶᠢ ᠬᠥᠮᠦᠵᠢᠭᠦᠯᠬᠦ ᠲᠥᠷᠥᠯ ᠵᠦᠶᠯ ᠢ ᠳᠠᠭᠤᠰᠬᠠᠵᠤ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠥᠬᠦᠶ ᠵᠦᠶᠯᠡᠰ ᠤᠨ ᠲᠤᠬᠠᠶ ᠮᠡᠳᠡᠭᠳᠡᠯ 》 ᠢ ᠳᠠᠷᠤᠮᠠᠯᠯᠠᠨ ᠲᠠᠷᠬᠠᠭᠠᠪᠠ  ᠃      ᠮᠡᠳᠡᠭᠳᠡᠯ ᠳᠤ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠥᠷᠥᠯ ᠵᠦᠶᠯ ᠢ ᠳᠠᠭᠤᠰᠬᠠᠵᠤ ᠰᠢᠯᠭᠠᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠵᠣᠬᠢᠶᠠᠨ  ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ  ᠢᠶᠠᠨ ᠲᠣᠳᠣᠷᠬᠠᠶᠢᠯᠠᠵᠤ᠂ ᠲᠥᠷᠥᠯ ᠵᠦᠶᠯ ᠢ ᠳᠠᠭᠤᠰᠬᠠᠵᠤ ᠰᠢᠯᠭᠠᠨ ᠠᠪᠬᠤ ᠠᠵᠢᠯ ᠤᠨ ᠤᠷᠤᠭᠰᠢᠲᠠᠶ ᠪᠡᠶᠡᠯᠡᠭᠳᠡᠬᠦ  ᠶᠢ ᠦᠨᠡᠨ ᠬᠦ ᠪᠠᠲᠤᠯᠠᠵᠤ᠂ ᠬᠥᠮᠦᠵᠢᠭᠦᠯᠬᠦ ᠡᠲᠡᠭᠡᠳ  ᠤᠨ ᠮᠦᠷᠳᠡᠯ ᠵᠢᠯᠤᠭᠤᠳᠤᠯᠭ᠎ᠠ ᠪᠠᠨ ᠴᠢᠩᠭᠠᠳᠬᠠᠵᠤ᠂ ᠬᠥᠮᠦᠵᠢᠭᠦᠯᠬᠦ ᠡᠲᠡᠭᠡᠳ ᠢ ᠵᠣᠬᠢᠶᠠᠨ ᠪᠠᠶᠢᠭᠤᠯᠵᠤ 《 ᠲᠥᠷᠥᠯ ᠵᠦᠶᠯ ᠢ ᠰᠢᠯᠭᠠᠨ ᠠᠪᠬᠤ ᠱᠠᠭᠠᠷᠳᠠᠯᠭ᠎ᠠ 》 ᠶᠣᠰᠣᠭᠠᠷ 《 ᠲᠥᠷᠥᠯ ᠵᠦᠶᠯ ᠢ ᠳᠠᠭᠤᠰᠬᠠᠵᠤ ᠰᠢᠯᠭᠠᠨ ᠠᠪᠬᠤ ᠬᠦᠰᠦᠨᠦᠭᠲᠦ 》 ᠶᠢ ᠲᠠᠭᠯᠠᠭᠤᠯᠬᠤ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ  ᠤᠨ ᠠᠩᠬᠠᠨ  ᠤ ᠬᠢᠨᠠᠯᠲᠠ  ᠶᠢ ᠬᠢᠵᠤ᠂ 6  ᠳ᠋ᠤᠭᠠᠷ ᠰᠠᠷ᠎ᠠ ᠶᠢᠨ 20 ᠤ ᠡᠳᠦᠷ  ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠶ ᠭᠡᠪᠡ  ᠃      ᠰᠢᠯᠭᠠᠨ ᠠᠪᠬᠤ ᠪᠣᠳᠠᠲᠠᠶ ᠱᠠᠭᠠᠷᠳᠠᠯᠭ᠎ᠠ ᠳᠤ᠄ ᠠᠵᠢᠯ ᠲᠥᠷᠥᠯ ᠤᠨ ᠪᠣᠯᠪᠠᠰᠤᠷᠠᠭᠤᠯᠤᠯ ᠤᠨ ᠠᠵᠢᠯ ᠳᠤ ᠢᠳᠡᠪᠬᠢᠲᠡᠶ ᠣᠷᠣᠯᠴᠠᠵᠤ᠂ ᠬᠥᠮᠦᠵᠢᠭᠦᠯᠬᠦ ᠬᠤᠭᠤᠴᠠᠭᠠᠨ ᠳᠤ ᠵᠢᠭᠤᠯᠴᠢᠯᠠᠯ ᠤᠨ ᠬᠥᠲᠥᠴᠢ ᠪᠤᠶᠤ ᠵᠢᠭᠤᠯᠴᠢᠯᠠᠯ ᠤᠨ ᠠᠵᠢᠯ ᠳᠤ ᠬᠤᠯᠪᠣᠭᠳᠠᠬᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 4 ᠤᠳᠠᠭ᠎ᠠ ᠠᠴᠠ ᠳᠤᠲᠠᠭᠤ ᠥᠬᠡᠶ ᠤᠷᠤᠵᠤ ᠂ ᠪᠣᠯᠪᠠᠰᠤᠷᠠᠭᠤᠯᠤᠯ ᠤᠨ ᠶᠡᠷᠦᠩᠬᠡᠶ ᠬᠥᠮᠦᠨ ᠤ ᠲᠤᠭ᠎ᠠ ᠶᠢ 200 ᠬᠥᠮᠦᠨ ᠤᠳᠠᠭ᠎ᠠ ᠠᠴᠠ ᠳᠤᠲᠠᠭᠤ ᠪᠠᠶᠢᠯᠭᠠᠬᠤ ᠦᠭᠡᠢ ᠪᠠᠶᠢᠬᠤ ᠬᠡᠷᠡᠭᠲᠡᠶ  ᠃ ᠵᠢᠭᠤᠯᠴᠢᠯᠠᠯ ᠤᠨ ᠬᠥᠲᠥᠴᠢ ᠶᠢᠨ ᠦᠭᠡ ᠶᠢ ᠵᠣᠬᠢᠶᠠᠨ ᠪᠦᠲᠦᠭᠡᠵᠦ ᠰᠤᠳᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠳᠡᠯᠭᠡᠷᠡᠭᠦᠯᠵᠦ  ᠪᠤᠯᠬᠤᠶᠢᠴᠠ ᠥᠨᠳᠥᠷ ᠬᠢᠷᠢ ᠲᠦᠪᠰᠢᠨ ᠪᠥᠬᠦᠶ ᠵᠢᠭᠤᠯᠴᠢᠯᠠᠯ ᠤᠨ ᠬᠥᠲᠥᠴᠢ  ᠶᠢᠨ ᠦᠭᠡ ᠶᠢ 4 ᠬᠤᠪᠢ ᠠᠴᠠ ᠳᠡᠭᠡᠭᠰᠢ ᠵᠣᠬᠢᠶᠠᠨ ᠪᠥᠲᠦᠭᠡᠬᠦ ᠭᠡᠷᠡᠭᠲᠡᠢ᠃ ᠵᠢᠱᠢᠶ᠎ᠡ ᠦᠵᠡᠬᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠵᠤ᠂ 《  ᠤᠯᠠᠮᠵᠢᠯᠠᠯ ᠬᠠᠪᠰᠤᠷᠤᠯ ᠳᠠᠭᠠᠭᠤᠯᠤᠯ 》   ᠢ ᠰᠠᠶᠢᠲᠤᠷ ᠬᠢᠵᠦ᠂  ᠠᠵᠢᠯ ᠳᠤ ᠰᠢᠨ᠎ᠡ ᠣᠷᠣᠬᠤ ᠬᠥᠲᠦᠴᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠤᠳᠠᠳᠠᠢ ᠪᠣᠯᠪᠠᠰᠤᠷᠠᠭᠤᠯᠤᠯ ᠤᠨ ᠠᠵᠢᠯ ᠢ 3 ᠠᠴᠠ ᠳᠡᠭᠡᠭᠰᠢ ᠪᠡᠶᠡᠯᠡᠭᠦᠯᠬᠦ ᠬᠡᠷᠡᠭᠲᠡᠶ᠃ ᠵᠢᠭᠤᠯᠴᠢᠯᠠᠭᠴᠢ ᠪᠤᠶᠤ ᠵᠢᠭᠤᠯᠴᠢᠯᠠᠯ ᠤᠨ ᠬᠥᠲᠥᠴᠢ ᠶᠢ ᠵᠣᠬᠢᠶᠠᠨ ᠪᠠᠶᠢᠭᠤᠯᠵᠤ ᠵᠢᠭᠤᠯᠴᠢᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠰᠣᠯᠢᠯᠴᠠᠭᠠᠨ ᠤ ᠠᠵᠢᠯᠯᠠᠭ᠎ᠠ ᠶᠢ 1 ᠤᠳᠠᠭ᠎ᠠ ᠠᠴᠠ ᠳᠡᠭᠡᠭᠰᠢ ᠥᠷᠨᠢᠭᠦᠯᠵᠦ᠂ ᠣᠷᠣᠯᠴᠠᠬᠤ ᠬᠥᠮᠦᠨ ᠤ ᠲᠤᠭ᠎ᠠ ᠶᠢ 10 ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠪᠣᠳᠠᠲᠠᠶ ᠬᠡᠯᠪᠡᠷᠢ ᠶᠢ ᠬᠢᠵᠠᠭᠠᠷᠯᠠᠬᠤ ᠥᠬᠡᠶ᠃ ᠬᠥᠮᠦᠵᠢᠭᠦᠯᠬᠦ ᠬᠤᠭᠤᠴᠠᠭᠠᠨ ᠳᠤ《 ᠵᠢᠭᠤᠯᠴᠢᠯᠠᠯ ᠤᠨ ᠬᠥᠲᠥᠴᠢ ᠶᠢᠨ ᠡᠭᠦᠯᠡᠨ ᠬᠢᠴᠢᠶᠡᠯ  ᠤᠨ ᠲᠠᠩᠬᠢᠮ 》 ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠲᠠᠪᠴᠠᠩ ᠤᠨ 《 ᠲᠡᠷᠢᠬᠦᠨ ᠤ ᠵᠢᠭᠤᠯᠴᠢᠯᠠᠯ  ᠤᠨ ᠬᠥᠲᠥᠴᠢ 》 ᠶᠢᠨ ᠲᠤᠰᠬᠠᠶ ᠰᠡᠳᠦᠪ ᠢᠶᠠᠷ ᠥᠪᠡᠷ ᠤᠨ ᠡᠭᠦᠳᠦᠯᠲᠡ ᠶᠢᠨ ᠬᠢᠴᠢᠶᠡᠯ   ᠢ 5 ᠬᠢᠴᠢᠶᠡᠯ ᠤᠨ ᠴᠠᠭ ᠠᠴᠠ ᠳᠤᠲᠠᠭᠤ ᠥᠬᠡᠶ  ᠳᠡᠪᠰᠢᠬᠦᠯᠬᠦ ᠬᠡᠷᠡᠭᠲᠡᠢ  ᠃ ( ᠲᠠᠩ ᠪᠦᠸᠧ ᠨᠦᠩ )  
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号