ᠠᠭᠤᠤ ᠶᠡᠭᠡ ᠠᠶᠠᠨ ᠵᠠᠮ  ᠴᠠᠭ ᠦᠶ᠎ᠡ ᠶᠢᠨ ᠵᠢᠷᠤᠭ ᠳᠦᠷᠰᠦ — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ 》 ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2021/6/25
     ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 16 ᠤ ᠡᠳᠦᠷ ᠤᠨ ᠮᠡᠳᠡᠭᠡ ( ᠰᠤᠷᠪᠤᠯᠵᠢᠯᠠᠭᠴᠢ ᠵᠧᠦ ᠸᠧᠶ ) ᠲᠥᠪ ᠤᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ ᠤᠨ ᠶᠠᠮᠤᠨ  ᠤ ᠭᠤᠤᠯᠯᠠᠨ ᠡᠷᠭᠢᠯᠡᠭᠰᠡᠨ 《 ᠠᠭᠤᠤ ᠶᠡᠭᠡ ᠠᠶᠠᠨ ᠵᠠᠮ   ᠴᠠᠭ ᠦᠶ᠎ᠡ ᠶᠢᠨ ᠵᠢᠷᠤᠭ ᠳᠦᠷᠰᠦ — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ》 16 ᠤ ᠡᠳᠦᠷ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠡᠬᠢᠯᠡᠪᠡ  ᠃
     ᠦᠵᠡᠰᠬᠦᠯᠡᠩ ᠨᠢ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠭᠤᠤᠯ ᠰᠡᠳᠦᠪ ᠤᠨ ᠲᠣᠭᠤᠷᠢᠨ ᠳᠤ᠂ ᠣᠷᠣᠰᠢᠯ ᠪᠠ ᠰᠢᠨ᠎ᠡ  ᠶᠢᠷᠲᠢᠨᠴᠦ ᠶᠢ ᠡᠬᠢᠯᠡᠬᠦᠯᠬᠦ᠂ ᠰᠢᠨ᠎ᠡ ᠳᠤᠮᠳᠠᠳᠤ ᠤᠯᠤᠰ ᠢ ᠪᠥᠲᠥᠭᠡᠨ ᠪᠠᠶᠢᠭᠤᠯᠬᠤ᠂ ᠰᠢᠨ᠎ᠡ ᠴᠠᠭ ᠦᠶ᠎ᠡ ᠳᠤ ᠠᠯᠬᠤᠨ ᠣᠷᠣᠬᠤ᠂ ᠰᠢᠨ᠎ᠡ ᠴᠠᠭ ᠡᠷᠢᠨ ᠳᠤ ᠡᠷᠡᠯᠬᠡᠭᠯᠡᠨ ᠤᠷᠤᠭᠰᠢᠯᠠᠬᠤ ᠭᠡᠬᠦ ᠳᠥᠷᠪᠡᠨ ᠪᠦᠯᠦᠭ ᠬᠤᠪᠢᠶᠠᠵᠤ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠵᠢᠴᠢ ᠬᠤᠯᠪᠣᠭᠳᠠᠯ ᠪᠥᠬᠦᠶ ᠤᠷᠠᠨ ᠵᠢᠷᠤᠭ ᠤᠨ ᠪᠠᠶᠢᠭᠤᠯᠤᠮᠵᠢ ᠶᠢᠨ ᠬᠤᠷᠢᠶᠠᠨ ᠬᠠᠳᠠᠭᠠᠯᠠᠭᠰᠠᠨ ᠤᠷᠠᠨ ᠵᠢᠷᠤᠭ ᠤᠨ ᠰᠣᠩᠭᠤᠳᠠᠭ ᠪᠦᠲᠦᠭᠡᠯ ᠪᠠ ᠣᠶᠢᠷ᠎ᠠ ᠶᠢᠨ ᠵᠢᠯ  ᠳᠤ ᠵᠣᠬᠢᠶᠠᠨ ᠪᠦᠲᠦᠭᠡᠭᠰᠡᠨ ᠨᠠᠮ ᠤᠨ ᠲᠡᠦᠬᠡ ᠶᠢᠨ ᠰᠡᠳᠦᠪᠲᠦ ᠵᠢᠴᠢ ᠪᠣᠳᠠᠲᠤ ᠠᠬᠤᠶ ᠶᠢᠨ ᠰᠡᠳᠦᠪᠲᠦ ᠰᠢᠯᠢᠳᠡᠭ  ᠪᠦᠲᠦᠭᠡᠯ ᠨᠡᠶᠢᠲᠡ 420 ᠭᠠᠷᠤᠶ ᠪᠣᠶ  ᠃  ᠦᠵᠡᠰᠬᠦᠯᠡᠩ  ᠤᠨ ᠪᠦᠲᠦᠭᠡᠯ ᠨᠢ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠪᠠᠷ ᠵᠢᠷᠤᠭ᠂ ᠱᠤᠭᠤᠮᠠᠯ ᠵᠡᠷᠭᠡ ᠣᠯᠠᠨ ᠤᠷᠠᠯᠢᠭ ᠤᠨ ᠲᠥᠷᠥᠯ ᠢ ᠬᠠᠮᠤᠷᠴᠤ᠂ ᠡᠯ᠎ᠡ ᠴᠠᠭ ᠦᠶ᠎ᠡ ᠶᠢᠨ ᠠᠯᠲᠠᠷᠲᠤ ᠬᠦᠮᠦᠰ  ᠤᠨ ᠪᠦᠲᠦᠭᠡᠯ ᠪᠠᠶᠢᠬᠤ ᠪᠠᠷ ᠪᠠᠷᠠᠬᠤ ᠥᠬᠡᠶ᠂ ᠪᠠᠰᠠ ᠣᠶᠢᠷ᠎ᠠ ᠶᠢᠨ ᠵᠢᠯ ᠳᠤ ᠴᠣᠯᠭᠤᠷᠠᠨ ᠭᠠᠷᠤᠭᠰᠠᠨ ᠰᠢᠯᠢᠳᠡᠭ ᠢᠳᠡᠷ ᠵᠠᠯᠠᠭᠤ ᠤᠷᠠᠨ ᠵᠢᠷᠤᠭᠴᠢᠨ ᠤ ᠪᠦᠲᠦᠭᠡᠯ ᠪᠠᠶᠢᠨ᠎ᠠ  ᠃      ᠦᠵᠡᠰᠬᠦᠯᠡᠩ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠭᠰᠠᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠦᠶᠯᠡᠳᠦᠯᠭᠡ ᠶᠢ ᠯᠠᠪᠰᠢᠷᠠᠭᠤᠯᠤᠨ ᠳᠦᠷᠰᠦᠯᠡᠵᠦ᠂ ᠦᠶ ᠲᠦᠮᠡᠨ ᠳᠦᠷᠰᠦ ᠪᠠᠶᠢᠳᠠᠯ᠂ ᠰᠦᠷ ᠳᠠᠯᠠᠶᠢᠴᠠᠲᠠᠶ ᠴᠠᠭ ᠦᠶ᠎ᠡ ᠶᠢᠨ ᠬᠠᠭᠤᠳᠠᠰᠤ ᠶᠢ ᠵᠢᠷᠤᠭᠯᠠᠭᠰᠠᠨ ᠪᠠᠶᠢᠨ᠎ᠠ᠃ ᠦᠵᠡᠰᠭᠦᠯᠡᠩ ᠤᠨ ᠬᠤᠭᠤᠴᠠᠭᠠᠨ ᠳᠤ ᠣᠯᠠᠨ ᠶᠠᠩᠵᠤ ᠶᠢᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠬᠦᠯᠦᠨ᠂ ᠡᠲᠡᠭᠡᠷ ᠰᠢᠯᠢᠳᠡᠭ ᠤᠷᠠᠨ ᠵᠢᠷᠤᠭ ᠤᠨ ᠪᠦᠲᠦᠭᠡᠯ ᠢᠶᠠᠷ ᠳᠠᠮᠵᠢᠭᠤᠯᠤᠨ᠂ ᠦᠵᠡᠭᠴᠢᠳ  ᠲᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠨᠠᠩ ᠢᠯᠡᠭᠦᠦ ᠣᠶᠢᠯᠠᠭᠠᠭᠤᠯᠵᠤ᠂ ᠤᠷᠠᠨ ᠵᠢᠷᠤᠭ ᠤᠨ ᠪᠦᠲᠦᠭᠡᠯ ᠤᠨ ᠭᠤᠸ᠎ᠠ ᠰᠠᠶᠢᠬᠠᠨ ᠢᠶᠠᠷ ᠬᠥᠮᠦᠨ ᠢ ᠬᠥᠮᠦᠵᠢᠭᠦᠯᠵᠦ᠂ ᠬᠥᠮᠦᠨ ᠢ ᠰᠤᠶᠤᠯᠵᠢᠭᠤᠯᠬᠤ ᠥᠪᠡᠷᠮᠢᠴᠡ ᠦᠶᠯᠡᠳᠦᠯ ᠢ ᠪᠠᠳᠠᠷᠠᠭᠤᠯᠬᠤ ᠪᠣᠯᠤᠨ᠎ᠠ  ᠃      ᠦᠵᠡᠰᠬᠦᠯᠡᠩ   ᠨᠢ 7  ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ ᠦᠷᠭᠦᠯᠵᠢᠯᠡᠨ᠎ᠡ  ᠃
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号