ᠬᠢᠩᠭᠠᠨ ᠠᠶᠢᠮᠠᠭ ᠭᠤᠷᠪᠠᠳᠤᠭᠠᠷ ᠬᠤᠭᠤᠴᠠᠭᠠᠨ ᠤ ᠲᠤᠲᠤᠷᠭ᠎ᠠ ᠶᠢᠨ ᠲᠠᠷᠢᠶᠠᠨ ᠤ ᠰᠣᠶᠣᠯ ᠤᠨ ᠦᠵᠡᠬᠦᠯᠦᠯᠭᠡ ᠵᠢᠴᠢ ᠨᠢᠭᠡ ᠮᠥ ᠰᠠᠶᠢᠨ ᠲᠠᠷᠢᠶ᠎ᠠ ᠬᠤᠳᠠᠯᠳᠤᠨ ᠠᠪᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/6/3
     5 ᠳ᠋ᠤᠭᠠᠷ ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠲᠤᠲᠤᠷᠭ᠎ᠠ ᠶᠢᠨ ᠲᠠᠷᠢᠶᠠᠨ ᠤ ᠰᠣᠶᠣᠯ ᠤᠨ  ᠦᠵᠡᠬᠦᠯᠦᠯᠭᠡ ᠵᠢᠴᠢ ᠨᠢᠭᠡ ᠮᠥ ᠰᠠᠶᠢᠨ ᠲᠠᠷᠢᠶ᠎ᠠ ᠬᠤᠳᠠᠯᠳᠤᠨ ᠠᠪᠬᠤ ᠡᠬᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠤᠨ ᠤᠯᠠᠭᠠᠨᠬᠤᠲᠠ ᠶᠢᠨ ᠢᠯᠠᠯᠲᠠ ᠪᠠᠯᠭᠠᠰᠤᠨ ᠳᠤ ᠶᠠᠪᠤᠭᠳᠠᠪᠠ  ᠃
     ᠠᠵᠢᠯᠯᠠᠭ᠎ᠠ ᠨᠢ《 ᠪᠢ ᠬᠢᠩᠭᠠᠨ ᠳᠤ ᠨᠢᠭᠡ ᠮᠦ ᠲᠤᠲᠤᠷᠭ᠎ᠠ ᠶᠢᠨ ᠲᠠᠷᠢᠶ᠎ᠠ ᠲᠠᠢ 》 ᠪᠠᠷ ᠭᠤᠣᠯ ᠰᠡᠳᠦᠪ ᠪᠣᠯᠭᠠᠵᠤ᠂ ᠬᠢᠩᠭᠠᠨ ᠠᠶᠢᠮᠠᠭ ᠤᠨ ᠤᠯᠠᠭᠠᠨᠮᠥ᠋ᠴᠢᠷ ᠤᠨ ᠲᠣᠭᠯᠠᠭᠴᠢᠳ ᠤᠨ ᠭᠤᠶᠢᠳᠠ ᠰᠠᠶᠢᠬᠠᠨ ᠳᠠᠭᠤᠤ ᠪᠥᠵᠢᠭ  ᠤᠨ ᠳᠤᠮᠳᠠ ᠡᠬᠢᠯᠡᠪᠡ  ᠃ ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠵᠢᠭᠤᠯᠴᠢᠯᠠᠭᠴᠢᠳ ᠬᠢᠩᠭᠠᠨ ᠠᠶᠢᠮᠠᠭ ᠤᠨ ᠲᠤᠲᠤᠷᠭ᠎ᠠ ᠶᠢ ᠠᠮᠲᠠᠯᠠᠵᠤ  ᠵᠠᠭᠤᠨ ᠭᠠᠵᠠᠷ ᠲᠤᠲᠤᠷᠭ᠎ᠠ ᠶᠢᠨ ᠲᠡᠯᠡᠶ᠂ ᠬᠥᠳᠡᠭᠡ ᠨᠤᠲᠤᠭ ᠤᠨ ᠥᠩᠭᠡ ᠦᠵᠡᠮᠵᠢ  ᠶᠢ ᠰᠣᠨᠢᠷᠬᠠᠪᠠ᠃ ᠲᠤᠲᠤᠷᠭ᠎ᠠ ᠶᠢᠨ ᠲᠠᠷᠢᠶᠠᠨ ᠤ ᠬᠠᠵᠠᠭᠤ ᠳᠤ ᠪᠠᠰᠠ ᠡᠯ᠎ᠡ ᠪᠠᠯᠭᠠᠰᠤᠨ ᠤ ᠲᠠᠷᠢᠶᠠᠯᠠᠩ  ᠤᠨ ᠪᠠ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠨᠡᠭᠡᠭᠡᠯᠲᠡ ᠶᠢᠨ ᠲᠣᠭᠤᠷᠢᠭ ᠤᠨ ᠠᠵᠤ ᠦᠶᠯᠡᠳᠪᠦᠷᠢ ᠶᠢᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ ᠳᠡᠯᠭᠡᠨ ᠦᠵᠡᠭᠦᠯᠦᠭᠰᠡᠨ ᠪᠥᠭᠡᠳ  ᠵᠢᠭᠤᠯᠴᠢᠯᠠᠭᠴᠢᠳ ᠲᠤ ᠬᠢᠩᠭᠠᠨ ᠠᠶᠢᠮᠠᠭ ᠤᠨ ᠲᠤᠲᠤᠷᠭ᠎ᠠ ᠵᠢᠴᠢ ᠤᠯᠠᠭᠠᠨᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠪᠠ᠃ ᠲᠤᠲᠤᠷᠭ᠎ᠠ ᠶᠢᠨ ᠲᠠᠷᠢᠶᠠᠨ ᠳᠤ ᠬᠦᠷ ᠨᠠᠷᠬᠢᠶᠠᠨ ᠢᠶᠠᠷ ᠪᠢᠯᠬᠠᠵᠤ᠂ ᠴᠢᠬᠢ ᠰᠠᠭᠤᠯᠭᠠᠬᠤ ᠤᠷᠤᠯᠳᠤᠭᠠᠨ᠂ ᠵᠢᠭᠠᠰᠤ ᠪᠠᠷᠢᠬᠤ ᠤᠷᠤᠯᠳᠤᠭᠠᠨ ᠵᠡᠷᠭᠡ ᠰᠣᠨᠢᠷᠬᠠᠯᠲᠠᠶ ᠬᠦᠳᠡᠯᠭᠡᠭᠡᠨ ᠨᠢ ᠠᠵᠢᠯᠯᠠᠭ᠎ᠠ ᠶᠢ ᠣᠷᠭᠢᠯ ᠳᠤ ᠨᠢ ᠬᠦᠷᠭᠡᠵᠦ᠂ ᠠᠬᠤᠶ ᠲᠠᠯᠠᠪᠠᠶ ᠶᠢᠨ ᠦᠵᠡᠭᠴᠢᠳ  ᠲᠤ ᠲᠠᠷᠢᠶᠠᠯᠠᠬᠤ ᠬᠠᠪᠤ ᠴᠡᠩᠭᠡᠯ ᠢ ᠤᠶᠢᠯᠠᠭᠠᠭᠤᠯᠤᠭᠰᠠᠨ ᠢᠶᠠᠷ ᠪᠠᠷᠠᠬᠤ ᠥᠬᠡᠶ ᠨᠠᠩ ᠴᠤ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠭᠰᠠᠨ ᠠᠳᠠᠯᠢ ᠪᠤᠰᠤ ᠲᠥᠷᠥᠭᠳᠡᠯ ᠥᠭᠭᠦᠭᠰᠡᠨ ᠪᠠᠶᠢᠨ᠎ᠠ  ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号