ᠦᠬᠠᠶ ᠬᠤᠲᠠ ᠶᠢᠨ ᠬᠤᠪᠢᠰᠬᠠᠯ ᠤᠨ ᠥᠯᠢᠭᠡᠷ ᠲᠠᠶᠢᠯᠪᠤᠷᠢᠯᠠᠭᠴᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2021/6/3
     5 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠡᠷᠭᠢᠯᠡᠭᠰᠡᠨ ᠦᠬᠠᠶ ᠬᠤᠲᠠ ᠶᠢᠨ ᠬᠤᠪᠢᠰᠬᠠᠯ ᠤᠨ ᠥᠯᠢᠭᠡᠷ ᠲᠠᠶᠢᠯᠪᠤᠷᠢᠯᠠᠭᠴᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ  ᠃      ᠤᠷᠤᠯᠳᠤᠭᠠᠨ ᠳᠤ ᠤᠷᠤᠯᠴᠠᠭᠴᠢᠳ ᠬᠥᠰᠢᠭᠡᠨ ᠤ ᠦᠵᠡᠬᠦᠯᠦᠯᠭᠡ᠂ ᠸᠢᠳᠢᠣ᠋ ᠵᠡᠷᠭᠡ ᠬᠡᠯᠪᠡᠷᠢ ᠪᠠᠷ ᠵᠠᠭᠤᠨ ᠵᠢᠯ  ᠤᠨ ᠨᠠᠮ ᠤᠨ ᠲᠡᠦᠬᠡ ᠶᠢ ᠡᠷᠭᠢᠴᠡᠭᠦᠯᠬᠦ᠂ ᠪᠠᠭᠠᠲᠤᠷᠴᠤᠳ ᠢ ᠶᠠᠷᠢᠬᠤ᠂ ᠴᠠᠭ ᠦᠶ᠎ᠡ ᠶᠢᠨ ᠦᠯᠢᠭᠡᠷ ᠳᠠᠭᠤᠷᠢᠶᠠᠯ ᠳᠤ ᠬᠦᠨᠳᠦᠳᠬᠡᠯ ᠳᠡᠪᠰᠢᠭᠦᠯᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠨᠠᠮ ᠤᠨ ᠦᠯᠢᠭᠡᠷ ᠪᠣᠯᠤᠨ ᠬᠤᠪᠢᠰᠬᠠᠯ ᠤᠨ ᠲᠡᠦᠬᠡ ᠶᠢ ᠶᠠᠷᠢᠪᠠ  ᠃  ᠰᠡᠳᠬᠢᠯ ᠬᠥᠳᠡᠯᠭᠡᠮ᠎ᠡ ᠬᠤᠪᠢᠰᠬᠠᠯ ᠤᠨ ᠲᠡᠦᠬᠡᠨ ᠥᠯᠢᠭᠡᠷ ᠨᠢ 《 ᠬᠤᠪᠢᠰᠬᠠᠯᠲᠤ ᠣᠩᠭᠤᠴᠠᠨ ᠤ ᠵᠣᠷᠢᠭ ᠰᠠᠨᠠᠭ᠎ᠠ 》᠂ 《 ᠬᠤᠶᠠᠷ ᠪᠥᠮᠪᠦᠭᠡ ᠨᠢᠭᠡ ᠣᠳᠣᠨ 》 ᠤ ᠵᠣᠷᠢᠭ ᠰᠠᠨᠠᠭᠠᠨ ᠤ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠠᠮᠢᠳᠤᠯᠢᠭ ᠢᠶᠠᠷ ᠲᠠᠶᠢᠯᠪᠤᠷᠢᠯᠠᠪᠠ᠃ ᠬᠤᠷᠴᠠ ᠰᠢᠷᠦᠭᠦᠨ ᠥᠷᠢᠰᠥᠯᠳᠦᠭᠡᠨ ᠤ ᠡᠴᠦᠰ ᠲᠤ ᠰᠦ᠋ ᠬᠤᠢ ᠵᠢᠶᠧ ᠵᠡᠷᠭᠡ ᠵᠢᠷᠭᠤᠭᠠᠨ ᠤᠷᠤᠯᠴᠠᠭᠴᠢ ᠲᠤᠰ ᠤᠳᠠᠭᠠᠨ ᠤ ᠤᠷᠤᠯᠳᠤᠭᠠᠨ ᠤ ᠲᠦᠷᠦᠭᠦᠦ ᠵᠢᠷᠭᠤᠭᠠᠨ ᠨᠡᠷᠡᠰ ᠲᠤ ᠲᠤᠲᠤᠷᠠᠵᠠᠢ  ᠃      ᠤᠷᠤᠯᠳᠤᠭᠠᠨ ᠤ ᠳᠠᠷᠠᠭ᠎ᠠ᠂ ᠱᠠᠩᠨᠠᠯ ᠭᠥᠷᠳᠡᠭᠰᠡᠨ ᠲᠦᠷᠦᠭᠦᠦ ᠵᠢᠷᠭᠤᠭᠠᠨ ᠤᠷᠤᠯᠴᠠᠭᠴᠢ ᠦᠬᠠᠶ ᠬᠤᠲᠠ  ᠶᠢᠨ ᠬᠤᠪᠢᠰᠬᠠᠯ ᠤᠨ ᠥᠯᠢᠭᠡᠷ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠦᠷᠢᠯᠳᠦᠬᠦᠯᠵᠦ ᠡᠯ᠎ᠡ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠵᠢᠴᠢ ᠬᠥᠳᠡᠭᠡ ᠲᠣᠰᠬᠤᠨ ᠳᠤ ᠭᠦᠨᠵᠡᠭᠡᠶᠢᠷᠡᠵᠦ᠂《 ᠬᠤᠪᠢᠰᠬᠠᠯᠲᠤ ᠲᠠᠶᠢᠯᠪᠤᠷᠢᠯᠠᠭᠴᠢ ᠵᠠᠭᠤᠨ ᠵᠢᠯ ᠤᠨ ᠨᠠᠮ ᠤᠨ ᠲᠡᠦᠬᠡ ᠶᠢ ᠶᠠᠷᠢᠬᠤ 》 ᠶᠠᠷᠢᠶ᠎ᠠ ᠢᠯᠡᠳᠬᠡᠯ ᠤᠨ ᠠᠵᠢᠯᠯᠠᠭ᠎ᠠ ᠥᠷᠨᠢᠭᠦᠯᠦᠨ᠎ᠡ  ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号