ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠣᠷᠣᠰ ᠤᠨ ᠰᠣᠶᠣᠯ ᠤᠨ ᠴᠤᠭᠯᠠᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/7/1
     2021 ᠣᠨ ᠤ 6 ᠳ᠋ᠤᠭᠠᠷ ᠰᠠᠷ᠎ᠠ ᠶᠢᠨ 21 ᠤ ᠡᠳᠦᠷ ᠠᠴᠠ 25 ᠤ ᠡᠳᠦᠷ ᠤᠨ ᠬᠤᠭᠤᠷᠤᠨᠳᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠬᠠᠷᠠᠮᠥ᠋ᠷᠡᠨ ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠣᠷᠣᠰ ᠤᠨ ᠬᠤᠯᠪᠣᠭᠠᠨ ᠤ ᠰᠣᠶᠣᠯ ᠤᠨ ᠶᠠᠮᠤᠨ᠂ ᠣᠷᠣᠰ ᠤᠨ ᠠᠮᠤᠷ ᠵᠧᠦ ᠶᠢᠨ ᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠣᠷᠣᠰ ᠤᠨ ᠰᠣᠶᠣᠯ ᠤᠨ ᠴᠤᠭᠯᠠᠭᠠᠨ ᠬᠠᠷᠠᠮᠥ᠋ᠷᠡᠨ ᠮᠤᠵᠢ ᠶᠢᠨ ᠾᠸᠢ ᠾᠧ ᠬᠤᠲᠠ ᠪᠣᠯᠤᠨ ᠣᠷᠣᠰ ᠤᠨ ᠪᠷᠠᠭᠤᠸᠢᠱᠧᠨᠰᠺ ᠬᠤᠲᠠ ᠳᠤ ᠠᠳᠠᠯᠢ ᠬᠤᠭᠤᠴᠠᠭᠠᠨ ᠳᠤ ᠶᠠᠪᠤᠭᠳᠠᠪᠠ᠃ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠪᠣᠯᠤᠨ ᠣᠷᠣᠰ ᠤᠨ ᠰᠣᠶᠣᠯ ᠤᠨ ᠶᠠᠮᠤᠨ ᠤ ᠳᠡᠳ᠋ ᠰᠠᠶᠢᠳ ᠶᠠᠷᠯᠤᠸᠠ ᠲᠣᠰ ᠲᠣᠰ ᠸᠢᠳᠢᠣ᠋ ᠪᠠᠷ ᠪᠠᠶᠠᠷ ᠤᠨ ᠦᠭᠡ ᠬᠡᠯᠡᠪᠡ᠃       ᠵᠠᠩ ᠰᠢᠤᠢ ᠢᠯᠡᠷᠬᠡᠶᠢᠯᠡᠬᠦ ᠳᠤ ᠪᠠᠨ᠂ ᠠᠷᠪᠠ ᠭᠠᠷᠤᠶ ᠵᠢᠯ ᠤᠨ ᠨᠠᠷᠢᠨ ᠨᠢᠮᠪᠠᠶ ᠪᠣᠶᠢᠵᠢᠭᠤᠯᠤᠯᠲᠠ ᠪᠠᠷ ᠳᠡᠮᠵᠢᠨ᠂ ᠳᠤᠮᠳᠠᠳᠤ ᠣᠷᠣᠰ ᠤᠨ ᠰᠣᠶᠣᠯ ᠤᠨ ᠴᠤᠭᠯᠠᠭᠠᠨ ᠨᠥᠯᠥᠭᠡᠯᠡᠬᠦ ᠬᠦᠴᠦᠨ ᠨᠢᠭᠡᠨᠲᠡ ᠬᠤᠶᠠᠷ ᠤᠯᠤᠰ ᠤᠨ 86 ᠮᠤᠵᠢ ᠵᠧᠦ ︵ᠪᠥᠬᠦᠳᠡ ᠨᠠᠶᠢᠷᠠᠮᠳᠠᠬᠤ ᠤᠯᠤᠰ︶ ᠪᠠ ᠲᠤᠰᠬᠠᠶ ᠣᠷᠣᠨ ᠬᠤᠲᠠ ᠰᠢᠶᠠᠨ ᠤ ᠬᠤᠲᠠ ᠬᠦᠷᠲᠡᠯ᠎ᠡ ᠥᠷᠭᠡᠵᠢᠵᠦ᠂ ᠬᠤᠶᠠᠷ ᠤᠯᠤᠰ ᠤᠨ ᠬᠢᠯᠢ ᠬᠢᠵᠠᠭᠠᠷ ᠣᠷᠣᠨ ᠤ ᠰᠣᠶᠣᠯ ᠤᠨ ᠰᠣᠯᠢᠯᠴᠠᠭᠠᠨ ᠤ ᠴᠢᠬᠤᠯᠠ ᠨᠠᠷᠠᠲᠤ ᠲᠡᠮᠳᠡᠭ ᠪᠣᠯᠵᠣ᠂ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠡᠯ᠎ᠡ ᠬᠦᠷᠢᠶᠡᠨ ᠤ ᠪᠣᠳᠠᠲᠠᠶ  ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ᠳᠤ ᠴᠢᠬᠤᠯᠠ ᠦᠶᠯᠡᠳᠦᠯ ᠦᠵᠡᠭᠦᠯᠵᠦ ᠪᠠᠶᠢᠨ᠎ᠠ ᠭᠡᠵᠡᠶ᠃ ᠡᠨᠡ ᠵᠢᠯ ᠪᠣᠯ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠣᠭᠲᠠᠭᠰᠠᠨ 20 ᠵᠢᠯ ᠤᠨ ᠤᠢ ᠪᠣᠯᠤᠨ᠎ᠠ᠂ ᠳᠤᠮᠳᠠᠳᠤ ᠤᠷᠤᠰ ᠤᠨ ᠰᠣᠶᠣᠯ ᠤᠨ ᠴᠤᠭᠯᠠᠭᠠᠨ ᠳᠤᠮᠳᠠᠳᠤ ᠤᠷᠤᠰ  ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠳᠤ ᠨᠡᠩ ᠶᠡᠭᠡ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ  ᠃      ᠲᠣᠰ ᠬᠤᠭᠤᠴᠠᠭᠠᠨ ᠤ ᠳᠤᠮᠳᠠᠳᠤ ᠣᠷᠣᠰ ᠤᠨ ᠰᠣᠶᠣᠯ ᠤᠨ ᠴᠤᠭᠯᠠᠭᠠᠨ ᠢ ᠠᠩᠬ᠎ᠠ ᠤᠳᠠᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ︽ᠰᠦᠯᠵᠢᠶᠡᠨ ᠳᠡᠭᠡᠷᠡᠬᠢ ᠶᠠᠷᠢᠯᠴᠠᠭ᠎ᠠ᠂ ᠶᠠᠷᠢᠶᠠᠨ ᠤ ᠲᠠᠪᠴᠠᠩ ᠤᠨ ᠲᠠᠨᠢᠯᠴᠠᠭᠤᠯᠭ᠎ᠠ᠂ ᠰᠣᠶᠣᠯ ᠵᠢᠭᠤᠯᠴᠢᠯᠠᠯ ᠤᠨ ᠤᠬᠠᠭᠤᠯᠭ᠎ᠠ᠂ ᠠᠵᠤ ᠦᠶᠯᠡᠰ ᠤᠨ ᠬᠡᠯᠬᠢᠶ᠎ᠡ ᠶᠢᠨ ᠵᠣᠯᠭᠠᠯᠴᠠᠭ᠎ᠠ︾ ᠵᠡᠷᠭᠡ ᠳᠥᠷᠪᠡᠨ ᠶᠡᠭᠡ ᠬᠡᠰᠡᠭ ᠢ ᠪᠠᠭᠲᠠᠭᠠᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ᠂ ᠬᠥᠳᠡᠭᠡ ᠲᠣᠰᠬᠤᠨ ᠤ ᠶᠠᠳᠠᠭᠤ ᠶᠢ ᠲᠡᠳᠬᠦᠬᠦ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠡᠯᠧᠮᠧᠨ᠋ᠲ ᠢ ᠭᠤᠤᠯᠳᠠᠯᠭ᠎ᠠ ᠲᠠᠢ ᠳᠣᠪᠣᠶᠢᠯᠭᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠰᠣᠯᠢᠯᠴᠠᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ᠂ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ᠂ ᠳᠤᠮᠳᠠᠳᠤ ᠣᠷᠣᠰ ᠤᠨ ᠨᠠᠷᠠᠲᠤ ᠬᠥᠮᠦᠰ ᠤᠨ ᠬᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠦᠯᠭᠡ᠂ ᠰᠦᠯᠵᠢᠶᠡᠨ ᠤ ᠠᠷᠠᠯᠵᠢᠶᠠᠨ ᠤ ᠴᠤᠭᠯᠠᠭᠠᠨ ᠵᠡᠷᠭᠡ ᠠᠵᠢᠯᠯᠠᠭ᠎ᠠ ᠥᠷᠨᠢᠭᠦᠯᠪᠡ᠃ ᠰᠣᠨᠢᠨ ᠮᠡᠳᠡᠭᠡᠨ  ᠤ ᠳᠠᠮᠵᠢᠭᠤᠯᠬᠤ ᠨᠡᠪᠲᠡᠷᠡᠭᠦᠯᠭᠡ᠂ ᠰᠢᠨᠬᠤᠸᠠ ᠰᠦᠯᠵᠢᠶ᠎ᠡ᠂ ᠥᠨᠥᠳᠦᠷ ᠤᠨ ᠲᠡᠷᠢᠭᠦᠨ ᠵᠤᠷᠪᠤᠰ ᠵᠡᠷᠭᠡ ᠣᠯᠠᠨ ᠵᠠᠭᠤᠴᠢᠯᠠᠭᠤᠷ ᠪᠠ ᠲᠠᠪᠴᠠᠩ ᠠᠴᠠ ᠲᠣᠰ ᠬᠤᠭᠤᠴᠠᠭᠠᠨ ᠤ ᠰᠣᠶᠣᠯ ᠤᠨ ᠶᠡᠭᠡ ᠴᠤᠭᠯᠠᠭᠠᠨ ᠢ ᠮᠡᠳᠡᠭᠡᠯᠡᠪᠡ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号