ᠯᠢ ᠺᠧ ᠴᠢᠶᠠᠩ 2021 ᠣᠨ ᠤ ᠪᠦᠬᠦ ᠤᠯᠤᠰ ᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠤᠨ ᠲᠧᠯᠸᠢᠰ ᠤᠲᠠᠰᠤᠲᠤ ᠬᠤᠷᠠᠯ ᠳᠡᠭᠡᠷ᠎ᠡ ᠴᠢᠬᠤᠯᠠ ᠴᠣᠬᠤᠯᠠᠪᠤᠷᠢ ᠥᠭᠴᠦ ᠴᠢᠬᠤᠯᠠᠴᠢᠯᠠᠬᠤ ᠳᠤ ᠪᠠᠨ ᠣᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠥᠷᠬᠦᠯᠵᠢᠯᠡᠨ ᠠᠬᠢᠭᠤᠯᠵᠤ᠂ ᠣᠯᠠᠨ ᠲᠦᠮᠡᠨ ᠳᠤ ᠨᠡᠩ ᠳᠥᠭᠦᠮ ᠨᠡᠩ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ | ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | | | 2021 ᠣᠨ ᠤ ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠲᠧᠯᠸᠢᠰ | ᠤᠲᠠᠰᠤᠲᠤ ᠬᠤᠷᠠᠯ 7 ᠳ᠋ᠤᠭᠠᠷ ᠰᠠᠷ᠎ᠠ ᠶᠢᠨ 20 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ | ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ ᠴᠢᠬᠤᠯᠠ ᠴᠣᠬᠤᠯᠠᠪᠤᠷᠢ ᠥᠭᠪᠡ᠃ ᠴᠣᠬᠤᠯᠠᠪᠤᠷᠢ ᠳᠤ ᠪᠠᠨ᠄ ᠡᠮᠴᠢᠯᠡᠭᠡ ᠡᠷᠡᠭᠦᠯ ᠬᠠᠮᠠᠭᠠᠯᠠᠯ ᠪᠣᠯ | ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ ᠲᠦᠰᠢᠭ ᠮᠥᠨ᠃ ᠰᠢᠨ᠎ᠡ ᠨᠢᠭᠡ ᠡᠭᠡᠯᠵᠢ ᠶᠢᠨ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ ᠦᠨᠳᠦᠰᠦᠨ ᠵᠦᠢᠯ ᠢ ᠪᠠᠲᠤᠯᠠᠬᠤ᠂ ᠲᠣᠭᠲᠠᠴᠠ ᠶᠢ | ᠪᠠᠶᠢᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ ᠪᠠᠷ ᠳᠠᠮᠵᠢᠭᠤᠯᠤᠨ᠂ ᠮᠠᠨ ᠤ ᠤᠯᠤᠰ ᠤᠨ ᠦᠨᠳᠦᠰᠦᠨ | ᠡᠮᠴᠢᠯᠡᠭᠡᠨ ᠤ ᠪᠠᠲᠤᠯᠠᠭ᠎ᠠ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ | ᠰᠠᠶᠢᠵᠢᠷᠠᠵᠤ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ | ᠶᠠᠪᠤᠴᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠢᠨ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ | ᠪᠠᠶᠢᠨ᠎ᠠ᠃ ᠥᠷᠭᠡᠨ ᠤᠯᠠᠨ ᠡᠮᠨᠡᠯᠭᠡ ᠶᠢᠨ ᠠᠵᠢᠯᠲᠠᠳ ᠪᠣᠯᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠣᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠥᠷᠭᠡᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠮᠨᠡᠬᠦ ᠰᠡᠷᠭᠡᠶᠢᠯᠡᠬᠦ ᠶᠢ ᠵᠣᠬᠢᠴᠠᠭᠤᠯᠬᠤ ᠶᠢ ᠨᠡᠩ ᠴᠢᠬᠤᠯᠠᠴᠢᠯᠠᠵᠤ᠂ ᠡᠪᠡᠳᠴᠢᠨ | ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠨ ᠬᠢᠵᠠᠭᠠᠷᠯᠠᠬᠤ ᠲᠣᠭᠲᠠᠯᠴᠠᠭ᠎ᠠ ᠶᠢ ᠲᠦᠷᠭᠡᠪᠴᠢᠯᠡᠨ ᠲᠡᠭᠦᠯᠳᠡᠷᠵᠢᠭᠦᠯᠬᠦ | ᠬᠡᠷᠡᠭᠲᠡᠢ᠃ ᠡᠪᠡᠳᠴᠢᠨ ᠦᠵᠡᠭᠦᠯᠬᠦ ᠳᠤ ᠬᠦᠴᠢᠷᠲᠡᠢ ᠪᠠ ᠡᠪᠡᠳᠴᠢᠨ ᠦᠵᠡᠭᠦᠯᠬᠦ ᠳᠤ ᠦᠨᠡᠲᠡᠶ ᠠᠰᠠᠭᠤᠳᠠᠯ ᠢ ᠤᠯᠠᠮ ᠨᠢᠭᠡ | ᠠᠯᠬᠤᠮ ᠨᠠᠮᠳᠠᠭᠤᠯᠬᠤ ᠶᠢᠨ ᠲᠣᠭᠤᠷᠢᠨ ᠳᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ︽ᠭᠤᠷᠪᠠᠨ ᠡᠮᠨᠡᠯᠭᠡ | ︾ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠤᠷᠢᠳᠴᠢᠯᠠᠨ ᠪᠣᠯᠵᠣᠵᠤ ᠣᠨᠣᠰᠢᠯᠠᠨ | ᠡᠮᠨᠡᠬᠦ᠂ ᠪᠠᠶᠢᠴᠠᠭᠠᠵᠤ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ | ᠠᠯᠤᠰᠯᠠᠨ ᠰᠢᠭᠤᠳ ᠲᠣᠭᠠᠴᠠᠨ ᠪᠤᠳᠤᠬᠤ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠭᠡ ᠪᠠᠷ | ᠠᠬᠢᠭᠤᠯᠵᠤ᠂ ᠤᠯᠠᠨ ᠲᠦᠮᠡᠨ ᠤ ᠪᠠᠴᠢᠮ ᠱᠠᠭᠠᠷᠳᠠᠯᠭ᠎ᠠ ᠳᠤ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠬᠠᠩᠭᠠᠯᠭ᠎ᠠ ᠶᠢ | ᠪᠠᠲᠤᠯᠠᠬᠤ ᠪᠠ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠥᠷᠭᠡᠳᠬᠡᠬᠦ ᠪᠠᠷ ᠳᠠᠮᠵᠢᠭᠤᠯᠤᠨ ᠡᠮ ᠡᠮᠨᠡᠯᠭᠡ ᠶᠢᠨ ᠵᠠᠷᠤᠳᠠᠯ ᠢ | ᠪᠠᠭᠤᠷᠠᠭᠤᠯᠬᠤ ᠶᠢᠨ ᠠᠰᠢᠭ ᠲᠤᠰᠠ ᠶᠢ ᠤᠯᠠᠨ ᠲᠦᠮᠡᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ | ᠡᠮᠴᠢᠯᠡᠭᠡᠨ ᠤ ᠲᠥᠪ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠲᠦᠷᠭᠡᠳᠬᠡᠵᠦ᠂ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ | ᠪᠠᠶᠢᠭᠤᠯᠤᠯᠲᠠ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠤ︾ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ | ᠬᠢᠵᠦ᠂ ᠨᠡᠶᠢᠭᠡᠮ ᠤᠨ ᠬᠦᠴᠦᠨ ᠠᠴᠠ ᠡᠮᠨᠡᠯᠭᠡ ᠡᠷᠬᠢᠯᠡᠬᠦ ᠶᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠵᠦ᠂ ᠤᠯᠠᠨ | ᠲᠦᠮᠡᠨ ᠳᠤ ᠨᠡᠩ ᠳᠥᠭᠦᠮ ᠨᠡᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠠᠷᠠᠳ ᠲᠦᠮᠡᠨ ᠤ ᠠᠮᠢ ᠨᠠᠰᠤ | ᠡᠷᠡᠭᠦᠯ ᠮᠡᠨᠳᠤ ᠶᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠴᠦᠨ ᠯᠠᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠡᠷᠦᠩᠬᠡᠶ ᠱᠦᠵᠢ ᠶᠢᠨ | ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠠᠵᠢᠯ ᠤᠨ ᠲᠤᠬᠠᠶ ᠠᠯᠢ ᠣᠯᠠᠨ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ | ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ | ᠪᠣᠯᠭᠠᠬᠤ ᠶᠢ ᠪᠠᠷᠢᠮᠲᠠᠯᠠᠵᠤ᠂ ᠰᠠᠨ ᠮᠢᠩ ᠬᠤᠲᠠ ᠶᠢᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠲᠤᠷᠰᠢᠯᠭ᠎ᠠ ᠶᠢ ᠳᠡᠯᠭᠡᠷᠡᠭᠦᠯᠬᠦ ᠪᠠᠷ ᠭᠠᠷᠳᠠᠴᠠ ᠪᠣᠯᠭᠠᠵᠤ᠂ ︽ᠦᠨᠳᠦᠰᠦᠨ ᠱᠠᠲᠤᠨ ᠳᠤ ᠠᠩᠬᠠᠨ ᠤ ᠣᠨᠣᠰᠢᠯᠠᠯᠲᠠ ᠬᠢᠬᠦ᠂ | ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠪᠠ ᠤᠳᠠᠭᠠᠨ ᠴᠢᠨᠠᠷᠲᠠᠢ ᠡᠪᠡᠳᠴᠢᠨ ᠢ ᠰᠠᠯᠭᠠᠨ ᠵᠠᠰᠠᠬᠤ᠂ | ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ | ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠨᠠᠩ ᠴᠢᠬᠤᠯᠠᠴᠢᠯᠠᠨ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠲᠠᠢ ᠵᠣᠬᠢᠴᠠᠭᠤᠯᠵᠤ | ᠬᠤᠯᠪᠣᠭᠠᠯᠠᠨ ᠬᠥᠳᠡᠯᠦᠯᠴᠡᠬᠦ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ | ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ | ᠰᠦᠨ ᠴᠦᠨ ᠯᠠᠨ ᠵᠢᠭᠠᠬᠤ ᠳᠤ ᠪᠠᠨ᠂ ᠰᠠᠨ ᠮᠢᠩ ᠬᠤᠲᠠ ᠶᠢᠨ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠬᠤ᠂ ᠰᠢᠰᠲ᠋ᠧᠮ ᠲᠠᠢ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠬᠠᠷᠠᠬᠠᠨ ᠰᠦᠪᠡᠭᠴᠢᠯᠡᠬᠦ ᠴᠢᠬᠤᠯᠠᠲᠠᠢ | ᠥᠭᠡᠷᠡᠴᠢᠯᠡᠯᠲᠡ ᠳᠤ ᠤᠷᠢᠳ ᠢᠶᠠᠷ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠲᠤᠷᠰᠢᠯᠭ᠎ᠠ ᠲᠠᠢ ᠪᠣᠯᠤᠭᠰᠠᠨ ᠤ ᠳᠠᠷᠠᠭ᠎ᠠ | ᠳᠠᠬᠢᠨ ᠳᠡᠯᠭᠡᠷᠡᠭᠦᠯᠬᠦ ᠬᠡᠷᠡᠭᠲᠡᠢ᠃ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ | ᠣᠷᠣᠨ ᠪᠦᠰᠡ ᠶᠢᠨ ᠡᠮᠴᠢᠯᠡᠭᠡᠨ ᠤ ᠲᠥᠪ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠥᠲᠥᠭᠡᠨ ᠪᠠᠶᠢᠭᠤᠯᠤᠯᠲᠠ ᠪᠠᠷ | ᠭᠤᠤᠯᠳᠠᠯᠭ᠎ᠠ ᠪᠣᠯᠭᠠᠨ᠂ ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠣᠭᠤᠳᠬᠤ ᠪᠠ ᠲᠣᠭᠲᠠᠴᠠ ᠳᠤ ᠰᠢᠨ᠎ᠡ ᠶᠢ | ᠡᠭᠦᠳᠬᠦ ᠪᠠᠷ ᠳᠠᠮᠵᠢᠭᠤᠯᠤᠨ᠂ ᠡᠪᠡᠳᠴᠢᠨ ᠦᠵᠡᠭᠦᠯᠬᠦ ᠡᠮᠬᠢ ᠳᠢᠭᠯᠢᠮ ᠢ ᠨᠠᠩ ᠵᠦᠶ ᠵᠣᠬᠢᠰᠲᠠᠶ ᠪᠣᠯᠭᠠᠬᠤ ᠶᠢ ᠠᠬᠢᠭᠤᠯᠬᠤ | ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠲᠤᠰᠬᠠᠢ ᠣᠷᠣᠨ ᠬᠤᠲᠠ ᠶᠢᠨ ᠳᠡᠰ ᠲᠤ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠵᠦ᠂ | ᠮᠤᠵᠢ ᠶᠢᠨ ᠳᠡᠰ ᠲᠤ ᠨᠢᠭᠡᠳᠦᠯᠲᠡᠶ ᠲᠥᠯᠥᠪᠯᠡᠬᠦ ᠶᠢ ᠢᠳᠡᠪᠬᠢᠲᠡᠶ ᠰᠦᠪᠡᠭᠴᠢᠯᠡᠨ ᠠᠬᠢᠭᠤᠯᠬᠤ ᠶᠢᠨ ᠬᠠᠮᠲᠤ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠮᠢᠶᠠᠷᠤᠯᠲᠠ ᠶᠢᠨ | ᠬᠢᠷᠢ ᠲᠦᠪᠰᠢᠨ ᠪᠠ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠮ ᠤᠨ ᠵᠦᠢᠯ ᠤᠨ | ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠵᠦ ᠬᠤᠳᠠᠯᠳᠤᠨ ᠠᠪᠬᠤ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠵᠦ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠵᠡᠷᠭᠡ ᠳᠤ ᠨᠢ ᠠᠬᠢᠭᠤᠯᠬᠤ | ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠪᠠ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠲᠤᠰᠬᠠᠶ ᠰᠠᠯᠠᠭ᠎ᠠ ᠶᠢᠨ | ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠴᠢᠩᠭᠠᠳᠬᠠᠨ᠂ ᠬᠠᠮᠢᠶᠠᠷᠤᠯᠲᠠ ᠪᠠ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠬᠦ ᠪᠠ ᠰᠡᠷᠭᠡᠶᠢᠯᠡᠬᠦ ᠶᠢ ᠵᠣᠬᠢᠴᠠᠭᠤᠯᠬᠤ ᠲᠣᠭᠲᠠᠴᠠ ᠳᠤ ᠰᠢᠨ᠎ᠡ ᠶᠢ | ᠡᠭᠦᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠢ | ᠭᠡᠵᠡᠢ᠃ |