《 ᠰᠢᠨ᠎ᠡ ᠴᠠᠭ ᠦᠶ᠎ᠡ ᠳᠤ ᠳᠤᠮᠳᠠ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ 》 ᠳᠤ ᠬᠤᠪᠢᠰᠬᠠᠯ ᠤᠨ ᠬᠠᠭᠤᠴᠢᠨ ᠰᠠᠭᠤᠷᠢᠨ ᠤ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ ᠬᠤᠪᠢᠰᠬᠠᠯ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠬᠤ ᠪᠠᠷ ᠳᠤᠷᠠᠳᠴᠠᠢ
ᠨᠡᠶᠢᠲᠡᠯᠡᠭᠰᠡᠨ ᠴᠠᠭ᠄
2021/7/29
     ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ《 ᠰᠢᠨ᠎ᠡ ᠴᠠᠭ ᠦᠶ᠎ᠡ ᠳᠤ ᠳᠤᠮᠳᠠ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ 》 ( ᠳᠣᠷᠣᠭᠰᠢ 《 ᠰᠠᠨᠠᠯ 》 ᠭᠡᠵᠦ ᠳᠥᠭᠦᠮᠴᠢᠯᠡᠨ᠎ᠡ ) ᠳᠤ ᠴᠢᠨᠠᠷ ᠰᠠᠶᠢᠲᠠᠢ ᠤᠯᠠᠨ ᠨᠡᠶᠢᠲᠡ  ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠬᠦᠯᠵᠦ᠂ ᠵᠢᠶᠠᠩᠰᠢ ᠶᠢᠨ ᠡᠮᠦᠨᠡᠲᠦ ᠬᠡᠰᠡᠭ ᠵᠡᠷᠭᠡ ᠤᠤᠯ ᠤᠨ ᠲᠥᠪ  ᠤᠨ ᠰᠣᠪᠢᠶᠠᠳ ᠣᠷᠣᠨ᠂ ᠵᠢᠩ ᠭᠠᠩ ᠱᠠᠨ ᠠᠭᠤᠯᠠ᠂ ᠳ᠋ᠠ ᠪᠢᠶᠧ ᠱᠠᠨ ᠠᠭᠤᠯᠠ ᠵᠡᠷᠭᠡ ᠬᠤᠪᠢᠰᠬᠠᠯ ᠤᠨ ᠬᠠᠭᠤᠴᠢᠨ ᠰᠠᠭᠤᠷᠢᠨ ᠤ ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠪᠠ ᠬᠤᠪᠢᠰᠬᠠᠯ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ  ᠪᠠᠶᠢᠭᠤᠯᠤᠨ᠎ᠠ ᠭᠡᠵᠦ ᠳᠤᠷᠠᠳᠪᠠ  ᠃     《 ᠰᠠᠨᠠᠯ 》 ᠳᠤ᠂ ᠣᠷᠣᠨ ᠨᠤᠲᠤᠭ ᠤᠨ ᠤᠨᠴᠠᠯᠢᠬᠳᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠠᠰᠢᠭᠯᠠᠵᠤ᠂ ᠳᠤᠮᠳᠠ ᠣᠷᠣᠨ ᠤ ᠰᠣᠶᠣᠯ᠂ ᠴᠦ᠋ ᠤᠯᠤᠰ ᠤᠨ ᠰᠣᠶᠣᠯ᠂ ᠱᠠᠨ ᠰᠢ ᠶᠢᠨ ᠰᠣᠶᠣᠯ  ᠤᠨ ᠨᠡᠷᠡᠲᠦ ᠲᠡᠮᠳᠡᠭ ᠢ ᠡᠭᠦᠳᠬᠦ ᠬᠡᠷᠡᠭᠲᠡᠢ᠂ ᠰᠣᠶᠣᠯ ᠤᠨ ᠪᠦᠲᠦᠭᠡᠯᠴᠢ ᠲᠥᠰᠦᠪᠯᠡᠯ᠂ ᠷᠠᠳᠢᠣ᠋ ᠺᠢᠨᠣ᠋ ᠲᠧᠯᠸᠢᠰ᠂ ᠺᠠᠷᠲ᠋ᠣᠨ ᠲᠣᠭᠯᠠᠭᠠᠮ᠂ ᠲᠣᠭᠠᠴᠢᠯᠠᠭᠰᠠᠨ ᠬᠡᠪᠯᠡᠯ ᠵᠡᠷᠭᠡ ᠠᠵᠤ ᠦᠶᠯᠡᠰ ᠢ ᠢᠳᠡᠪᠬᠢᠲᠡᠶ ᠬᠥᠭᠵᠢᠭᠦᠯᠵᠦ᠂ ᠤᠯᠤᠰ  ᠤᠨ ᠰᠣᠶᠣᠯ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠢᠩ ᠳ᠋ᠧ ᠵᠧᠨ ᠪᠠᠯᠭᠠᠰᠤ ᠶᠢᠨ ᠤᠯᠤᠰ ᠤᠨ ᠸᠠᠭᠠᠷ ᠱᠠᠭᠠᠵᠠᠩ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠢ ᠲᠦᠷᠭᠡᠳᠬᠡᠨ ᠪᠠᠶᠢᠭᠤᠯᠤᠨ᠎ᠠ ᠭᠡᠵᠦ ᠳᠤᠷᠠᠳᠪᠠ  ᠃      《 ᠰᠠᠨᠠᠯ 》 ᠳᠤ ᠪᠠᠰᠠ᠂ ᠮᠤᠵᠢ ᠶᠢᠨ ᠬᠤᠭᠤᠷᠣᠨᠳᠣᠬᠢ ᠬᠠᠮᠵᠢᠯᠴᠠᠭ᠎ᠠ ᠪᠠ ᠬᠢᠯᠢ ᠨᠡᠶᠢᠯᠡᠭᠰᠡᠨ ᠭᠠᠵᠠᠷ ᠣᠷᠣᠨ ᠤ ᠬᠠᠮᠵᠢᠯᠴᠠᠨ ᠬᠥᠭᠵᠢᠬᠦ ᠶᠢ ᠠᠬᠢᠭᠤᠯᠤᠨ᠎ᠠ︔ ᠶᠠᠷᠢᠯᠴᠠᠭ᠎ᠠ ᠰᠣᠯᠢᠯᠴᠠᠭ᠎ᠠ ᠬᠢᠬᠦ᠂ ᠴᠢᠬᠤᠯᠠ ᠶᠡᠭᠡ ᠬᠡᠷᠡᠭ ᠶᠠᠪᠤᠳᠠᠯ ᠢ ᠵᠥᠪᠳᠡᠯᠴᠡᠬᠦ᠂ ᠲᠥᠯᠥᠪᠵᠢᠬᠦᠯᠦᠨ ᠵᠤᠯᠭᠠᠭᠤᠯᠬᠤ ᠲᠤᠭᠤᠷᠢᠨ  ᠳᠤ ᠳᠤᠮᠳᠠ ᠬᠡᠰᠡᠭ ᠤᠨ ᠭᠠᠵᠠᠷ ᠣᠷᠣᠨ  ᠤ ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠵᠢᠶᠠᠩᠰᠢ ᠶᠢᠨ ᠡᠮᠦᠨᠡᠲᠦ ᠬᠡᠰᠡᠭ ᠵᠡᠷᠭᠡ ᠤᠤᠯ ᠤᠨ ᠲᠥᠪ ᠤᠨ ᠰᠣᠪᠢᠶᠠᠳ ᠣᠷᠣᠨ᠂ ᠳ᠋ᠠ ᠪᠢᠶᠧ ᠱᠠᠨ ᠵᠡᠷᠭᠡ ᠬᠤᠪᠢᠰᠬᠠᠯ ᠤᠨ  ᠬᠠᠭᠤᠷᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠤᠷᠢᠵᠢᠭᠤᠯᠤᠨ᠎ᠠ︔ ᠳᠤᠮᠳᠠ ᠬᠡᠰᠡᠭ ᠤᠨ ᠵᠢᠷᠭᠤᠭᠠᠨ ᠮᠤᠵᠢ ᠶᠢᠨ ᠮᠤᠵᠢ  ᠶᠢᠨ ᠬᠤᠭᠤᠷᠣᠨᠳᠣᠬᠢ ᠠᠭᠤᠯᠵᠠᠷ ᠭᠠᠵᠠᠷ ᠣᠷᠣᠨ ᠵᠢᠴᠢ ᠵᠡᠭᠦᠨ ᠬᠡᠰᠡᠭ᠂ ᠪᠠᠷᠠᠭᠤᠨ ᠬᠡᠰᠡᠭ ᠤᠨ ᠪᠤᠰᠤᠳ ᠮᠤᠵᠢ  ᠯᠤᠭ᠎ᠠ ᠶᠢᠨ ᠠᠭᠤᠯᠵᠠᠷ ᠭᠠᠵᠠᠷ ᠣᠷᠣᠨ ᠤ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠱᠠᠨ ᠰᠢ᠂ ᠱᠠᠨᠰᠢ᠂ ᠾᠧᠨᠠᠨ  ᠤ ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠣᠳᠠᠲᠠᠢ ᠲᠦᠯᠬᠢᠨ ᠠᠬᠢᠭᠤᠯᠵᠤ᠂ ᠳ᠋ᠠ ᠪᠢᠶᠧ ᠱᠠᠨ ᠠᠭᠤᠯᠠ᠂ ᠡᠦ ᠯᠢᠩ ᠱᠠᠨ ᠠᠭᠤᠯᠠ ᠵᠡᠷᠭᠡ ᠣᠷᠣᠨ ᠪᠦᠰᠡ ᠶᠢᠨ ᠵᠢᠭᠤᠯᠴᠢᠯᠠᠯ ᠬᠢᠭᠡᠳ ᠠᠵᠤ ᠠᠬᠤᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ  ᠭᠡᠵᠦ ᠳᠤᠷᠠᠳᠪᠠ᠃     《 ᠰᠠᠨᠠᠯ 》 ᠳᠤ᠂ ᠲᠡᠷᠢᠭᠦᠨ ᠤ ᠦᠶᠯᠡᠳᠬᠦ ᠦᠶᠯᠡᠰ ᠢᠶᠠᠷ ᠲᠤᠯᠭᠠᠭᠤᠷᠢ ᠪᠣᠯᠭᠠᠭᠰᠠᠨ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ ᠪᠠᠶᠢᠭᠤᠯᠵᠤ᠂ ᠬᠤᠲᠠ ᠬᠥᠳᠡᠭᠡ ᠶᠢᠨ ᠣᠷᠣᠨ ᠪᠦᠰᠡ ᠶᠢᠨ ᠬᠥᠭᠵᠢᠯᠲᠡ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠ ᠣᠷᠣᠨ ᠢ ᠪᠠᠶᠢᠭᠤᠯᠵᠤ᠂ ᠳᠣᠲᠣᠭᠠᠳᠤ ᠬᠠᠭᠤᠷᠠᠶ ᠶᠢᠨ ᠥᠨᠳᠥᠷ ᠲᠦᠪᠰᠢᠨ ᠪᠥᠬᠦᠶ ᠨᠡᠭᠡᠭᠡᠯᠲᠡ ᠬᠢᠬᠦ ᠰᠢᠨ᠎ᠡ ᠪᠠᠶᠢᠭᠤᠯᠤᠮᠵᠢ ᠶᠢ ᠪᠦᠷᠢᠯᠳᠦᠭᠦᠯᠵᠦ᠂ ᠣᠯᠠᠨ ᠨᠡᠶᠢᠲᠡ ᠶᠢᠨ ᠦᠶᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠳᠤᠮᠳᠠ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠳᠤᠮᠳᠠ ᠣᠷᠣᠨ  ᠤ ᠲᠦᠷᠭᠡᠨ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ  ᠭᠡᠵᠦ ᠳᠤᠳᠤᠷᠬᠠᠶᠢᠯᠠᠪᠠ᠃ ( ᠵᠤᠤ ᠲᠧᠩ ᠽᠧ )
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号