ᠪᠥᠬᠦ ᠤᠯᠤᠰ ᠤᠨ ᠨᠡᠶᠢᠲᠡ ᠶᠢᠨ ᠠᠰᠠᠷᠠᠮᠵᠢ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠵᠠᠯᠠᠭᠤᠴᠤᠳ ᠤᠨ ᠵᠠᠬ᠎ᠠ ᠳᠡᠯᠭᠡᠭᠦᠷ ᠢ ᠲᠤᠰᠬᠠᠶ ᠳᠡᠯᠭᠡᠷᠡᠭᠦᠯᠬᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/7/30
     ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠭᠤᠯᠴᠢᠯᠠᠯ ᠢ ᠦᠰᠦᠨ ᠪᠣᠶᠢᠵᠢᠬᠤ ᠠᠷᠭ᠎ᠠ ᠮᠠᠶ᠋ᠢᠭ ᠂ ᠰᠤᠷᠤᠯᠴᠠᠬᠤ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢᠶᠠᠨ ᠪᠣᠯᠭᠠᠬᠤ ᠣᠯᠠᠨ ᠨᠡᠶᠢᠲᠡ ᠶᠢᠨ ᠵᠢᠭᠤᠯᠴᠢᠯᠠᠯ  ᠤᠨ ᠣᠶᠢᠯᠠᠭᠠᠭᠳᠠᠬᠤᠨ ᠢ ᠤᠬᠠᠭᠤᠯᠬᠤ ᠪᠦᠭᠡᠳ ᠪᠣᠰᠬᠠᠨ᠂ ᠵᠠᠯᠠᠭᠤᠴᠤᠳ ᠤᠨ ᠪᠥᠬᠦ ᠲᠠᠯ᠎ᠠ ᠶᠢᠨ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠳᠤ ᠵᠢᠭᠤᠯᠴᠢᠯᠠᠯ ᠤᠨ ᠦᠵᠡᠭᠦᠯᠬᠦ ᠴᠢᠬᠤᠯᠠ ᠦᠶᠯᠡᠳᠦᠯ ᠢ ᠪᠠᠳᠠᠷᠠᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠲᠦᠷᠦᠭᠦᠬᠡᠨ ︽ᠰᠢᠨ᠎ᠡ ᠴᠠᠭ ᠦᠶ᠎ᠡ  ᠰᠢᠨ᠎ᠡ ᠵᠠᠯᠠᠭᠤᠴᠤᠳ  ᠰᠢᠨ᠎ᠡ ᠵᠢᠭᠤᠯᠴᠢᠯᠠᠯ︾ ᠪᠥᠬᠦ ᠤᠯᠤᠰ ᠤᠨ ᠨᠡᠶᠢᠲᠡ ᠶᠢᠨ ᠠᠰᠠᠷᠠᠮᠵᠢ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠵᠠᠯᠠᠭᠤᠴᠤᠳ ᠤᠨ ᠵᠠᠬ᠎ᠠ ᠳᠡᠯᠭᠡᠭᠦᠷ ᠢ ᠲᠤᠰᠬᠠᠶ ᠳᠡᠯᠭᠡᠷᠡᠭᠦᠯᠬᠦ ᠠᠵᠢᠯᠯᠠᠭ᠎ᠠ ᠶᠢ ᠡᠬᠢᠯᠡᠭᠦᠯᠪᠡ᠃      ᠵᠠᠯᠠᠭᠤᠴᠤᠳ ᠪᠣᠯ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠨᠢᠭᠡ ᠪᠦᠯᠦᠭ ᠬᠦᠮᠦᠨ ᠮᠥᠨ ᠪᠦᠭᠡᠳ‌ᠵᠢᠭᠤᠯᠴᠢᠯᠠᠯ ᠤᠨ ᠬᠡᠷᠡᠭᠯᠡᠭᠡᠨ ᠤ ᠴᠢᠬᠤᠯᠠ ᠬᠦᠴᠦ ᠴᠢᠳᠠᠯ ᠮᠥᠨ᠃ ᠲᠤᠰᠬᠠᠶ ᠵᠦᠶᠯ ᠢ ᠳᠡᠯᠭᠡᠷᠡᠭᠦᠯᠬᠦ ᠠᠵᠢᠯᠯᠠᠭ᠎ᠠ ᠶᠢ ︽ᠳᠥᠷᠪᠡᠨ ᠲᠡᠦᠬᠡ︾ ᠶᠢᠨ ᠤᠬᠠᠭᠤᠯᠭ᠎ᠠ ᠬᠥᠮᠦᠵᠢᠯ ᠲᠠᠢ ᠤᠶᠠᠯᠳᠤᠭᠤᠯᠤᠨ᠂ ᠵᠠᠯᠠᠭᠤᠴᠤᠳ ᠢ ᠭᠤᠤᠯᠳᠠᠯᠭ᠎ᠠ ᠲᠠᠢ ᠳᠣᠪᠣᠶᠢᠯᠭᠠᠵᠤ᠂ ᠵᠠᠯᠠᠭᠤᠴᠤᠳ ᠤᠨ ᠣᠨᠴᠠᠯᠢᠭ ᠪᠠ ᠵᠠᠩ ᠳᠠᠳᠬᠠᠯ ᠢ ᠡᠵᠡᠮᠳᠡᠨ᠂ ᠵᠠᠯᠠᠭᠤᠴᠤᠳ  ᠢ ᠭᠤᠤᠯᠳᠠᠯᠭ᠎ᠠ ᠲᠠᠢ ᠬᠥᠲᠥᠯᠥᠨ ᠵᠢᠯᠣᠭᠤᠳᠴᠤ ᠪᠠᠶᠢᠭᠠᠳ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠨ᠂ ᠬᠤᠪᠢᠰᠬᠠᠯ ᠤᠨ ᠤᠳᠤᠮ᠂ ᠬᠤᠪᠢᠰᠬᠠᠯ ᠤᠨ ᠭᠠᠯ ᠪᠠᠮᠪᠠᠷ ᠢ ᠦᠶ᠎ᠡ ᠶᠢᠨ ᠦᠶ᠎ᠡ ᠳᠤ ᠪᠠᠨ ᠤᠯᠠᠮᠵᠢᠯᠠᠨ ᠵᠠᠯᠭᠠᠮᠵᠢᠯᠠᠭᠤᠯᠵᠤ᠂ ᠣᠲᠣ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠪᠠᠳᠠᠷᠠᠯᠲᠤ ᠡᠷᠡᠨ ᠳᠤ ᠬᠦᠨᠳᠦ ᠡᠭᠦᠷᠭᠡ ᠡᠭᠦᠷᠭᠡᠯᠡᠬᠦ ᠶᠢ ᠨᠢ ᠭᠤᠤᠯᠳᠠᠯᠭ᠎ᠠ ᠲᠠᠢ ᠪᠠᠷ ᠢᠯᠡᠷᠡᠭᠦᠯᠦᠨ᠂ ᠵᠠᠯᠠᠭᠤ ᠨᠠᠰᠤᠨ ᠤ ᠲᠡᠮᠡᠴᠡᠯ ᠢ ᠨᠠᠮ ᠪᠠ ᠠᠷᠠᠳ ᠲᠦᠮᠡᠨ ᠤ ᠦᠶᠯᠡᠰ ᠲᠤ ᠠᠭᠤᠰᠬᠠᠨ ᠣᠷᠤᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠲᠣᠳᠤᠷᠠᠭᠤᠯᠤᠨ᠎ᠠ᠃ ᠲᠤᠰᠬᠠᠶ ᠵᠦᠶᠯ ᠢ ᠳᠡᠯᠭᠡᠷᠡᠭᠦᠯᠬᠦ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠨᠡᠶᠢᠲᠡ ᠶᠢᠨ ᠠᠰᠠᠷᠠᠮᠵᠢ ᠶᠢᠨ ᠵᠢᠭᠤᠯᠴᠢᠯᠠᠯ ᠤᠨ ᠤᠬᠠᠭᠤᠯᠭ᠎ᠠ ᠶᠢ ᠴᠢᠩᠭᠠᠳᠬᠠᠬᠤ ᠪᠠᠷ ᠤᠳᠤᠷᠢᠳᠤᠮᠵᠢ ᠪᠠᠨ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠶ ᠲᠥᠯᠥᠪᠯᠡᠨ᠂ ᠡᠯ᠎ᠡ ᠭᠠᠵᠠᠷ᠂ ᠡᠯ᠎ᠡ ᠵᠠᠭᠤᠴᠢᠯᠠᠭᠤᠷ᠂ ᠡᠯ᠎ᠡ ᠲᠠᠪᠴᠠᠩ ᠤᠨ ᠬᠢᠨ ᠤ ᠵᠠᠯᠠᠭᠤᠴᠤᠳ ᠲᠤ ᠬᠠᠨᠳᠤᠭᠤᠯᠵᠤ ᠪᠠᠶᠢᠭᠠᠳ ᠰᠣᠶᠣᠯ ᠪᠠ ᠵᠢᠭᠤᠯᠴᠢᠯᠠᠯ ᠤᠨ ᠦᠶᠯᠡᠳᠬᠦᠨ᠂ ᠠᠵᠢᠯᠯᠠᠭ᠎ᠠ ᠨᠤᠭᠤᠳ  ᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃      ᠲᠤᠰᠬᠠᠶ ᠵᠦᠶᠯ ᠢ ᠳᠡᠯᠭᠡᠷᠡᠭᠦᠯᠬᠦ ᠠᠵᠢᠯᠯᠠᠭ᠎ᠠ ᠨᠢ ᠰᠦᠯᠵᠢᠶᠡᠨ ᠳᠡᠭᠡᠷᠡᠬᠢ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠦᠷᠭᠡᠨ ᠬᠥᠭᠵᠢᠵᠦ ᠪᠠᠶᠢᠭ᠎ᠠ ᠰᠢᠨ᠎ᠡ ᠬᠠᠨᠳᠤᠰᠢ ᠶᠢ ᠳᠠᠭᠠᠵᠤ᠂ ᠭᠤᠤᠯᠳᠠᠭᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠣᠤᠷ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠴᠢᠭᠯᠡᠭᠦᠯᠦᠨ᠎ᠡ᠃ ᠡᠭᠦᠨ ᠳᠤ ᠪᠠᠭᠲᠠᠬᠤ ᠪᠦᠭᠡᠳ ᠵᠦᠪᠬᠡᠨ ᠡᠳᠦᠢ ᠪᠠᠷ ᠯᠡ ᠵᠣᠭᠰᠤᠬᠤ ᠪᠢᠰᠢ ᠨᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ  ᠲᠠᠢ ᠲᠣᠰᠬᠤᠨ᠂ ᠰᠣᠶᠣᠯ ᠦᠵᠡᠰᠬᠦᠯᠡᠩ ᠤᠨ ᠲᠠᠯᠠᠪᠤᠷ ᠵᠢᠴᠢ ᠲᠤᠬᠠᠶ ᠶᠢᠨ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠥᠪᠰᠢᠶᠡᠷᠡᠨ ᠡᠷᠭᠢᠯᠡᠭᠰᠡᠨ ᠠᠷᠠᠳ ᠤᠨ ᠵᠠᠩ ᠦᠶᠯᠡ ᠶᠢᠨ ᠪᠠᠶᠠᠷ ᠳᠤᠷᠠᠰᠬᠠᠯ᠂ ᠰᠣᠶᠣᠯ ᠤᠨ ᠠᠵᠢᠯᠯᠠᠭ᠎ᠠ ᠵᠡᠷᠭᠡ ᠪᠤᠢ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠵᠢᠭᠤᠯᠴᠢᠯᠠᠯ ᠤᠨ ᠪᠠᠶᠢᠭᠤᠯᠤᠮᠵᠢ᠂ ᠵᠢᠭᠤᠯᠴᠢᠯᠠᠯ ᠤᠨ ᠴᠢᠳᠠᠪᠤᠷᠢᠲᠠᠨ ᠵᠡᠷᠭᠡ ᠦᠰᠦᠭ ᠵᠢᠷᠤᠭ ᠢ ᠬᠤᠣᠰᠯᠠᠭᠤᠯᠬᠤ᠂ ᠣᠬᠤᠷ ᠸᠢᠳᠢᠣ᠋ ᠰᠢᠩᠭᠡᠭᠡᠬᠦ ᠵᠡᠷᠭᠡ ᠬᠡᠯᠪᠡᠷᠢ ᠪᠠᠷ ᠳᠠᠮᠵᠢᠨ ᠣᠷᠤᠯᠴᠠᠵᠤ᠂ ᠵᠠᠯᠠᠭᠤᠴᠤᠳ ᠤᠨ ᠲᠠᠭᠠᠰᠢᠶᠠᠳᠠᠭ ᠵᠢᠭᠤᠯᠴᠢᠯᠠᠯ ᠤᠨ ᠠᠷᠭ᠎ᠠ ᠬᠡᠯᠪᠡᠷᠢ᠂ ᠵᠢᠭᠤᠯᠴᠢᠯᠠᠯ ᠤᠨ ᠵᠣᠷᠢᠭᠰᠠᠨ ᠭᠠᠵᠠᠷ ᠵᠢᠴᠢ ᠵᠢᠭᠤᠯᠴᠢᠯᠠᠯ ᠤᠨ ᠪᠦᠲᠦᠭᠡᠭᠳᠡᠬᠦᠨ ᠢ ᠢᠯᠡᠷᠡᠭᠦᠯᠬᠦ ᠶᠢ ᠵᠣᠷᠢᠭᠵᠢᠭᠤᠯᠤᠨ ᠳᠠᠮᠵᠢᠨ᠎ᠠ᠃ ᠦᠵᠡᠮᠵᠢ ᠶᠢᠨ ᠣᠷᠣᠨ ᠪᠠ ᠮᠦᠽᠧᠶ ᠶᠢᠨ ᠰᠢᠭᠤᠳ ᠨᠡᠪᠲᠡᠷᠡᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠰᠦᠯᠵᠢᠶᠡᠨ ᠳᠡᠭᠡᠷᠡᠬᠢ ᠴᠢᠨᠠᠷ ᠰᠠᠶᠢᠲᠠᠶ ᠰᠣᠶᠣᠯ ᠪᠠ ᠵᠢᠭᠤᠯᠴᠢᠯᠠᠯ  ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠡᠯ᠎ᠡ ᠲᠠᠪᠴᠠᠩ ᠤᠨ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠡᠷᠬᠢᠯᠡᠬᠦ ᠵᠡᠷᠭᠡ ᠬᠡᠯᠪᠡᠷᠢ ᠪᠠᠷ ᠵᠠᠯᠠᠭᠤᠴᠤᠳ ᠤᠨ ᠵᠢᠭᠤᠯᠴᠢᠯᠠᠯ ᠤᠨ ᠬᠡᠷᠡᠭᠯᠡᠭᠡ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠡᠯ᠎ᠡ ᠭᠠᠵᠠᠷ  ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠲᠥᠷᠥ  ᠶᠢᠨ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠬᠠᠮ ᠠᠷᠭ᠎ᠠ ᠬᠡᠮᠵᠢᠶ᠎ᠡ ᠠᠪᠴᠤ᠂ ᠵᠠᠯᠠᠭᠤᠴᠤᠳ ᠤᠨ ᠵᠢᠭᠤᠯᠴᠢᠯᠠᠯ ᠤᠨ ᠬᠥᠭᠵᠢᠯᠲᠡ ᠶᠢ ᠢᠳᠡᠪᠬᠢᠲᠡᠶ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢ ᠱᠠᠭᠠᠷᠳᠠᠪᠠ᠃      ᠲᠤᠰᠬᠠᠶ ᠵᠦᠶᠯ ᠢ ᠳᠡᠯᠭᠡᠷᠡᠭᠦᠯᠬᠦ ᠠᠵᠢᠯᠯᠠᠭ᠎ᠠ ᠶᠢ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ  ᠤᠨ ᠨᠡᠭᠡᠭᠡᠯᠲᠡ ᠶᠢᠨ ᠵᠤᠷᠭᠠᠨ ᠠᠴᠠ ᠭᠤᠤᠯᠯᠠᠨ ᠡᠷᠭᠢᠯᠡᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠵᠡᠷᠭᠡ ᠨᠢ ᠵᠣᠬᠢᠶᠠᠨ  ᠪᠠᠶᠢᠭᠤᠯᠬᠤ ᠠᠵᠢᠯ ᠳᠤ ᠣᠷᠣᠯᠴᠠᠪᠠ  ᠃ ︵ᠯᠢ ᡁᠢ ᠭᠠᠩ   ᠭᠦᠸᠧ ᠽᠢ ᠲᠧᠩ︶
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号