2021 ᠣᠨ ᠤ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2021/7/7
    ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠣᠶᠢᠷ᠎ᠠ ᠳᠤ 《 2021 ᠣᠨ ᠤ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ 》 ᠢ ᠳᠠᠷᠤᠮᠠᠯᠯᠠᠨ ᠲᠠᠷᠬᠠᠭᠠᠵᠤ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ 》 ᠳᠤ ᠳᠤᠷᠠᠳᠤᠭᠰᠠᠨ 《 ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ 30 ᠪᠠᠶᠢᠭᠤᠯᠬᠤ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠬᠤ ᠪᠠᠷ ᠵᠣᠷᠢᠯᠭ᠎ᠠ ᠪᠠᠨ ᠪᠣᠯᠭᠠᠵᠠᠶ  ᠃     ᠮᠡᠳᠡᠭᠳᠡᠯ ᠳᠤ᠂ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢᠶᠠᠷ ᠮᠡᠳᠡᠭᠦᠯᠬᠦ ᠳᠤ ᠡᠷᠬᠡᠪᠰᠢ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ ᠭᠡᠵᠦ ᠲᠤᠳᠤᠷᠬᠠᠶᠢᠯᠠᠪᠠ᠄ ᠤᠯᠠᠮᠵᠢᠯᠠᠯᠲᠤ ᠰᠣᠶᠣᠯ ᠲᠡᠦᠬᠡ ᠶᠢᠨ ᠬᠤᠷᠠᠮᠳᠤᠯᠭ᠎ᠠ ᠡᠯᠪᠡᠭ ᠪᠠᠶᠠᠯᠢᠭ᠂ ᠢᠯᠡ ᠲᠣᠳᠣ ᠣᠷᠣᠨ ᠪᠦᠰᠡ ᠪᠤᠶᠤ ᠦᠨᠳᠦᠰᠦᠲᠡᠨ ᠤ ᠣᠨᠴᠠᠯᠢᠭ ᠲᠠᠢ ᠪᠠᠶᠢᠵᠤ᠂ ᠰᠣᠶᠣᠯ ᠤᠨ ᠠᠮᠢ ᠠᠬᠤᠶ ᠰᠠᠶᠢᠨ ᠪᠠᠶᠢᠬᠤ ᠬᠡᠷᠡᠭᠲᠡᠶ︔ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ︔ ᠪᠣᠳᠠᠰ ᠤᠨ ᠪᠤᠰᠤ ᠰᠣᠶᠣᠯ ᠤᠨ ᠥᠪ ᠢ ᠡᠮᠬᠢ ᠵᠢᠷᠤᠮ ᠲᠠᠢ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠨᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠲᠤᠬᠠᠢ ᠶᠢᠨ ᠭᠠᠵᠠᠷ ᠤᠨ ᠠᠷᠠᠳ ᠤᠯᠠᠨ ᠥᠷᠭᠡᠨ ᠣᠷᠣᠯᠴᠠᠵᠤ᠂ ᠵᠥᠪᠰᠢᠶᠡᠷᠡᠨ ᠮᠡᠳᠡᠷᠡᠬᠦ ᠰᠡᠳᠬᠢᠯᠭᠡ ᠪᠠᠷ ᠴᠢᠩᠭ᠎ᠠ︔ ᠪᠣᠳᠠᠰ ᠤᠨ ᠪᠤᠰᠤ ᠰᠣᠶᠣᠯ ᠤᠨ ᠥᠪ ᠲᠠᠢ ᠨᠢᠭᠲᠠ ᠬᠤᠯᠪᠣᠭ᠎ᠠ ᠲᠠᠢ ᠪᠣᠳᠠᠰ᠂ ᠲᠠᠯᠠᠪᠤᠷ ᠢ ᠰᠠᠶᠢᠨ ᠬᠠᠳᠠᠭᠠᠯᠠᠵᠤ ᠠᠰᠢᠭᠯᠠᠨ᠂ ᠡᠷᠬᠢᠨ ᠲᠣᠭᠤᠷᠢᠨ ᠤ ᠪᠠᠶᠢᠭᠠᠯᠢ ᠶᠢᠨ ᠠᠮᠢ ᠠᠬᠤᠢ ᠶᠢᠨ ᠣᠷᠴᠢᠨ ᠨᠥᠬᠦᠴᠡᠯ ᠨᠢ ᠪᠣᠳᠠᠰ ᠤᠨ ᠪᠤᠰᠤ ᠰᠣᠶᠣᠯ ᠤᠨ ᠥᠪ ᠲᠤ  ᠬᠥᠭᠵᠢᠯᠲᠡ ᠶᠢᠨ ᠰᠠᠶᠢᠨ ᠣᠷᠣᠨ ᠵᠠᠢ ᠬᠠᠩᠭᠠᠵᠤ ᠴᠢᠳᠠᠬᠤ ᠬᠡᠷᠡᠭᠲᠡᠢ︔ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ  ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠪᠠ ᠠᠵᠢᠯᠲᠠᠨ ᠪᠠᠶᠢᠬᠤ ᠵᠡᠷᠭᠡ᠃ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠮᠡᠳᠡᠭᠦᠯᠬᠦ  ᠳᠤ ᠴᠥᠭᠡᠨ ᠪᠤᠯᠪᠠᠴᠤ ᠴᠢᠨᠠᠷᠲᠠᠢ ᠪᠠᠶᠢᠬᠤ ᠵᠠᠷᠴᠢᠮ ᠶᠣᠰᠣᠭᠠᠷ᠂ ᠰᠢᠶᠠᠨ᠂ ᠬᠤᠲᠠ ᠪᠤᠶᠤ ᠡᠳᠦᠶ ᠲᠡᠳᠦᠶ ᠰᠢᠶᠠᠨ ᠤ  ᠬᠡᠪᠴᠢᠶᠠᠨ  ᠳᠤ᠂ ᠵᠠᠷᠴᠢᠮ ᠳᠡᠭᠡᠷ᠎ᠡ ᠪᠠᠨ ᠬᠤᠲᠠ ᠠᠯᠤᠰᠯᠠᠬᠤ ᠦᠭᠡᠢ ᠪᠠᠶᠢᠵᠤ᠂ ᠮᠤᠵᠢ ( ᠣᠷᠣᠨ᠂ ᠬᠤᠲᠠ ) ᠨᠢᠭᠡᠪᠦᠷᠢ ᠶᠢᠨ ᠭᠤᠶᠤᠴᠢᠯᠠᠨ ᠮᠡᠳᠡᠭᠦᠯᠬᠦ ᠲᠤᠭ᠎ᠠ ᠬᠡᠮᠵᠢᠶ᠎ᠡ ᠶᠢ 1 ᠠᠴᠠ ᠬᠡᠲᠦᠷᠡᠭᠦᠯᠵᠦ ᠪᠣᠯᠬᠤ ᠥᠬᠡᠶ  ᠃     ᠮᠡᠳᠡᠭᠳᠡᠯ ᠳᠤ᠂ ᠡᠯ᠎ᠡ ᠮᠤᠵᠢ ( ᠣᠷᠣᠨ᠂ ᠬᠤᠲᠠ ) ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ( ᠲᠣᠪᠴᠢᠶ᠎ᠠ ) ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ 《 ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ 》 ᠶᠢᠨ ᠱᠠᠭᠠᠷᠳᠠᠯᠭ᠎ᠠ ᠶᠣᠰᠣᠭᠠᠷ᠂ ᠲᠤᠰᠬᠠᠶ ᠮᠡᠷᠭᠡᠵᠢᠯᠲᠡᠨ ᠤ ᠪᠦᠯᠬᠦᠮ  ᠢ ᠪᠦᠷᠢᠯᠳᠦᠭᠦᠯᠵᠦ ᠲᠣᠰ ᠭᠠᠵᠠᠷ ᠣᠷᠣᠨ ᠤ ᠪᠠᠨ ᠥᠪᠡᠷᠮᠢᠴᠡ ᠣᠨᠴᠠᠯᠢᠭ  ᠲᠠᠢ ᠰᠣᠶᠣᠯ ᠤᠨ ᠬᠡᠯᠪᠡᠷᠢ ᠪᠠᠶᠢᠳᠠᠯ ᠢ ᠳ᠋ᠦᠩᠨᠡᠨ ᠡᠮᠬᠢᠯᠡᠵᠦ᠂ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ ᠶᠢᠨ ᠬᠥᠲᠥᠯᠪᠦᠷᠢ ᠶᠢ ᠬᠢᠨᠠᠮᠠᠭᠠᠶ ᠨᠠᠶᠢᠷᠠᠭᠤᠯᠤᠨ ᠵᠣᠬᠢᠶᠠᠬᠤ ᠬᠡᠷᠡᠭᠲᠡᠶ ᠭᠡᠵᠦ ᠱᠠᠭᠠᠷᠳᠠᠪᠠ  ᠃ ( ᠬᠤᠸᠠᠩ ᠭᠤᠤ ᠶᠤᠸᠠᠨ )  
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号