2021 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ 11  ᠳ᠋ᠤᠭᠡᠷ ᠰᠠᠷ᠎ᠠ ᠳᠤ  ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2021/7/7
      ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ 《 2021 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠤᠬᠠᠶ ᠮᠡᠳᠡᠭᠳᠡᠯ 》 ᠢ ᠳᠠᠷᠤᠮᠠᠯᠯᠠᠨ  ᠲᠠᠷᠬᠠᠭᠠᠪᠠ᠃  2021 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ ᠶᠢ 11  ᠳ᠋ᠤᠭᠡᠷ ᠰᠠᠷ᠎ᠠ ᠶᠢᠨ 6 ᠤ ᠡᠳᠦᠷ ᠶᠠᠪᠤᠭᠳᠠᠭᠤᠯᠬᠤ ᠪᠠᠷ ᠲᠣᠭᠲᠠᠪᠠ  ᠃      ᠮᠡᠳᠡᠭᠳᠡᠯ ᠳᠤ᠂ ᠰᠢᠯᠭᠠᠭᠤᠯᠤᠭᠴᠢ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠪᠠᠶᠢᠬᠤ ᠬᠡᠷᠡᠭᠲᠡᠶ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ  ᠤᠨ ᠰᠤᠷᠭᠠᠭᠤᠯᠢ ᠪᠤᠶᠤ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠭᠡᠷᠡᠭᠲᠡᠢ︔ ᠪᠡᠶ᠎ᠡ ᠮᠠᠬᠠᠪᠣᠳ ᠡᠷᠡᠭᠦᠯ ᠴᠢᠭᠢᠷᠠᠭ︔ ᠵᠢᠭᠤᠯᠴᠢᠯᠠᠯ ᠤᠨ ᠬᠥᠲᠥᠴᠢ ᠶᠢᠨ ᠬᠡᠷᠡᠭᠴᠡᠭᠡ ᠳᠤ ᠵᠣᠬᠢᠴᠠᠭᠰᠠᠨ ᠦᠨᠳᠦᠰᠦᠨ ᠮᠡᠳᠡᠯᠭᠡ ᠪᠠ ᠦᠭᠡ ᠬᠡᠯᠡᠨ ᠤ ᠢᠯᠡᠳᠬᠡᠬᠦ ᠴᠢᠳᠠᠪᠤᠷᠢ ᠲᠠᠢ ᠪᠠᠶᠢᠬᠤ ᠬᠡᠷᠡᠭᠲᠡᠢ ᠬᠡᠵᠦ ᠲᠤᠳᠤᠷᠬᠠᠶᠢᠯᠠᠪᠠ᠃ ᠰᠢᠯᠭᠠᠭᠤᠯᠤᠭᠴᠢ 7 ᠳ᠋ᠤᠭᠠᠷ ᠰᠠᠷ᠎ᠠ ᠶᠢᠨ 19 ᠤ ᠡᠳᠦᠷ ᠤᠨ 9 ᠴᠠᠭ ᠠᠴᠠ 8  ᠳ᠋ᠤᠭᠠᠷ ᠰᠠᠷ᠎ᠠ ᠶᠢᠨ 20 ᠤ ᠡᠳᠦᠷ ᠤᠨ 17 ᠴᠠᠭ ᠪᠣᠯᠲᠠᠯ᠎ᠠ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ  ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢᠶᠠᠷ ᠨᠡᠷ᠎ᠡ ᠮᠡᠳᠡᠬᠦᠯᠬᠦ ᠮᠡᠳᠡᠭᠡ ᠵᠠᠩᠭᠢ ᠪᠠᠨ ᠲᠤᠰᠢᠶᠠᠬᠤ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠳᠡᠪᠰᠢᠬᠦᠯᠵᠦ ᠪᠣᠯᠤᠨ᠎ᠠ︔ ᠰᠢᠯᠭᠠᠭᠤᠯᠤᠭᠴᠢ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠰᠦᠶᠳᠬᠡᠯ ᠲᠤᠰᠢᠶᠠᠨ᠎ᠠ᠂ ᠰᠦᠶᠳᠬᠡᠯ ᠲᠤᠰᠢᠶᠠᠬᠤ ᠴᠠᠭ ᠨᠢ 9  ᠳ᠋ᠤᠭᠡᠷ ᠰᠠᠷ᠎ᠠ ᠶᠢᠨ 10 ᠤ ᠡᠳᠦᠷ ᠤᠨ 17 ᠴᠠᠭ ᠲᠤ ᠡᠴᠦᠰᠯᠡᠨ᠎ᠡ  ᠃      ᠮᠡᠳᠡᠭᠳᠡᠯ ᠳᠤ᠂ ᠰᠢᠯᠭᠠᠭᠤᠯᠤᠭᠴᠢ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠳᠤ ᠪᠠᠨ ᠡᠷᠬᠡᠪᠰᠢ ᠪᠢᠷ ᠤᠨ ᠰᠢᠯᠭᠠᠯᠲᠠ ᠪᠠ ᠲᠤᠬᠠᠶ ᠶᠢᠨ ᠲᠠᠯᠠᠪᠤᠷ ᠤᠨ ᠰᠢᠯᠭᠠᠯᠲᠠ ( ᠨᠢᠭᠤᠷᠲᠠᠨ ᠰᠢᠯᠭᠠᠯᠲᠠ ) ᠳᠤ ᠵᠡᠷᠭᠡᠪᠡᠷ ᠣᠷᠣᠯᠴᠠᠬᠤ ᠬᠡᠷᠡᠭᠲᠡᠶ  ᠃ ᠪᠢᠷ ᠤᠨ ᠰᠢᠯᠭᠠᠯᠲᠠ ᠶᠢ ᠮᠠᠰᠢᠨ  ᠢᠶᠠᠷ ᠰᠢᠯᠭᠠᠬᠤ ᠬᠡᠯᠪᠡᠷᠢ ᠪᠠᠷ ᠶᠠᠪᠤᠭᠳᠠᠭᠤᠯᠤᠨ᠎ᠠ᠂ ᠬᠢᠴᠢᠶᠡᠯ ᠲᠥᠷᠥᠯ ᠨᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ( ᠬᠢᠴᠢᠶᠡᠯ ᠲᠥᠷᠥᠯ ᠨᠢᠭᠡ )᠂ ᠵᠢᠭᠤᠯᠴᠢᠯᠠᠯ ᠤᠨ ᠬᠥᠲᠥᠴᠢ ᠶᠢᠨ ᠲᠤᠬᠠᠶᠢᠯᠠᠭᠰᠠᠨ ᠠᠵᠢᠯ ( ᠬᠢᠴᠢᠶᠡᠯ ᠲᠥᠷᠥᠯ ᠬᠤᠶᠠᠷ )᠂ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠰᠠᠭᠤᠷᠢ ᠮᠡᠳᠡᠯᠭᠡ ( ᠬᠢᠴᠢᠶᠡᠯ ᠲᠥᠷᠥᠯ ᠭᠤᠷᠪᠠ )᠂ ᠣᠷᠣᠨ ᠨᠤᠲᠤᠭ ᠤᠨ ᠵᠢᠭᠤᠯᠴᠢᠯᠠᠯ ᠤᠨ ᠬᠥᠲᠥᠴᠢ ᠶᠢᠨ ᠰᠠᠭᠤᠷᠢ ᠮᠡᠳᠡᠯᠭᠡ ( ᠬᠢᠴᠢᠶᠡᠯ ᠲᠥᠷᠥᠯ ᠳᠥᠷᠪᠡ ) ᠪᠤᠯᠤᠨ᠎ᠠ  ᠃ ᠲᠤᠬᠠᠶ ᠶᠢᠨ ᠲᠠᠯᠠᠪᠠᠶ ᠶᠢᠨ ᠰᠢᠯᠭᠠᠯᠲᠠ ( ᠨᠢᠭᠤᠷᠲᠠᠨ ᠰᠢᠯᠭᠠᠯᠲᠠ )  ᠶᠢᠨ  ᠬᠢᠴᠢᠶᠡᠯ ᠲᠥᠷᠥᠯ ᠨᠢ ᠵᠢᠭᠤᠯᠴᠢᠯᠠᠯ ᠤᠨ ᠬᠥᠲᠥᠴᠢ ᠶᠢᠨ ᠦᠶᠯᠡᠴᠢᠯᠡᠭᠡᠨ ᠤ ᠴᠢᠳᠠᠪᠤᠷᠢ ( ᠬᠢᠴᠢᠶᠡᠯ ᠲᠥᠷᠥᠯ ᠲᠠᠪᠤ ) ᠪᠣᠯᠤᠨ᠎ᠠ  ᠃ ᠡᠭᠦᠨ ᠳᠤ᠂ ᠬᠢᠴᠢᠶᠡᠯ ᠲᠥᠷᠥᠯ  ᠨᠢᠭᠡ᠂  ᠬᠤᠶᠠᠷ ᠢ ᠨᠡᠶᠢᠯᠡᠭᠦᠯᠦᠨ 1 ᠬᠠᠭᠤᠳᠠᠰᠤ ᠰᠢᠯᠭᠠᠯᠲᠠ ᠪᠠᠷ ᠰᠢᠯᠭᠠᠵᠤ᠂ ᠬᠢᠴᠢᠶᠡᠯ ᠲᠥᠷᠥᠯ  ᠭᠤᠷᠪᠠ᠂ ᠲᠥᠷᠪᠡ  ᠶᠢ ᠨᠡᠶᠢᠯᠡᠭᠦᠯᠦᠨ 1 ᠬᠠᠭᠤᠳᠠᠰᠤ ᠰᠢᠯᠭᠠᠯᠲᠠ   ᠪᠠᠷ  ᠰᠢᠯᠭᠠᠨ᠎ᠠ᠃ ᠰᠢᠯᠭᠠᠯᠲᠠ ᠪᠦᠷᠢ ᠶᠢᠨ ᠪᠦᠷᠢᠨ ᠬᠤᠪᠢ ᠨᠢ 100 ᠬᠤᠪᠢ᠂ ᠰᠢᠯᠭᠠᠬᠤ ᠴᠠᠭ ᠨᠢ ᠴᠥᠮ 90 ᠮᠢᠨᠦ᠋ᠲ ᠪᠣᠯᠤᠨ᠎ᠠ  ᠃ 2021 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ᠶᠢ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠠᠴᠠ ᠪᠠᠭᠤᠯᠭᠠᠵᠤ ᠪᠣᠯᠤᠨ᠎ᠠ ᠭᠡᠪᠡ᠃ ( ᠵᠤᠤ ᠲᠧᠩ ᠽᠧ )
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号