ᠳᠤᠮᠳᠠᠳᠤ ᠲᠦᠷᠺ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠠᠵᠤ ᠠᠬᠤᠢ ᠠᠷᠠᠯᠵᠢᠶ᠎ᠠ ᠰᠣᠶᠣᠯ ᠤᠨ ᠬᠥᠭᠵᠢᠯᠲᠡ ᠶᠢᠨ ᠶᠠᠷᠢᠯᠴᠠᠭᠠᠨ ᠤ ᠲᠠᠪᠴᠠᠩ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2021/8/15
     8 ᠳ᠋ᠤᠭᠠᠷ ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠳᠤᠮᠳᠠᠳᠤ ᠤᠯᠤᠰ ᠪᠣᠯᠤᠨ ᠲᠦᠷᠺ  ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭᠠᠨ ᠤ ᠨᠢᠭᠡ ᠪᠣᠯᠤᠭᠰᠠᠨ ᠳᠤᠮᠳᠠᠳᠤ ᠲᠦᠷᠺ ᠤᠨ ᠠᠵᠤ ᠠᠬᠤᠶ ᠠᠷᠠᠯᠵᠢᠶ᠎ᠠ ᠰᠣᠶᠣᠯ ᠤᠨ ᠬᠥᠭᠵᠢᠯᠲᠡ ᠶᠢᠨ ᠶᠠᠷᠢᠯᠴᠠᠭᠠᠨ ᠤ ᠲᠠᠪᠴᠠᠩ ᠠᠨᠺᠠᠷᠠ ᠶᠢᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠲᠦᠷᠺ ᠤᠨ ᠭᠠᠳᠠᠭᠠᠳᠤ ᠶᠠᠪᠤᠳᠠᠯ ᠤᠨ ᠶᠠᠮᠤᠨ ᠤ ᠳᠡᠳ᠋ ᠰᠠᠶᠢᠳ ᠵᠢᠷᠠᠨ᠂ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ᠂ ᠲᠦᠷᠺ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠶᠠᠦᠽᠢ᠂ ᠲᠦᠷᠺ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢᠦ ᠱᠤᠤ ᠪᠢᠨ ᠵᠢᠴᠢ ᠳᠤᠮᠳᠠᠳᠤ ᠲᠦᠷᠺ ᠤᠨ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠤᠨ ᠡᠯ᠎ᠡ ᠡᠲᠡᠭᠡᠳ ᠤᠨ ᠬᠦᠨᠳᠦᠲᠦ ᠵᠣᠴᠢᠳ ᠡᠬᠢᠯᠡᠯᠲᠡ ᠶᠢᠨ ᠶᠣᠰᠣᠯᠠᠯ  ᠳᠤ ᠣᠷᠣᠯᠴᠠᠪᠠ  ᠃ ᠲᠦᠷᠺ ᠤᠨ ᠶᠡᠷᠦᠩᠬᠡᠶᠢᠯᠡᠭᠴᠢ ᠠᠶᠢᠷᠳᠤ᠋ · ᠠᠨ  ᠶᠠᠷᠢᠯᠴᠠᠭᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ  ᠃
         ᠵᠠᠩ ᠰᠢᠤᠢ ᠸᠢᠳᠢᠣ᠋ ᠪᠠᠷ ᠪᠠᠶᠠᠷ ᠤᠨ ᠦᠭᠡ ᠬᠡᠯᠡᠬᠦ ᠳᠤ ᠪᠠᠨ᠂ ᠳᠤᠮᠳᠠᠳᠤ ᠲᠦᠷᠺ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠣᠭᠲᠠᠭᠤᠨ ᠢᠶᠠᠷ ᠠᠬᠢᠪᠠ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ 《 ᠳᠤᠮᠳᠠᠬᠢ ᠬᠤᠩᠬᠢᠯ 》 ᠤᠨ ᠲᠥᠯᠥᠪᠯᠡᠭᠡ ᠪᠣᠯᠤᠨ 《 ᠨᠢᠭᠡ ᠪᠦᠰᠡ ᠨᠢᠭᠡ ᠵᠠᠮ 》 ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠶᠢ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂ ᠳᠤᠮᠳᠠᠳᠤ ᠲᠦᠷᠺ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ  ᠃ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠪᠠᠷ ᠲᠣᠬᠢᠶᠠᠯ ᠪᠤᠯᠭᠠᠨ ᠰᠣᠶᠣᠯ ᠪᠠ ᠵᠢᠭᠤᠯᠴᠢᠯᠠᠯ ᠵᠡᠷᠭᠡ ᠬᠦᠷᠢᠶᠡᠨ ᠳᠤ ᠬᠢ ᠲᠥᠷᠥ ᠶᠢᠨ ᠪᠣᠳᠣᠯᠭ᠎ᠠ ᠶᠢᠨ ᠶᠠᠷᠢᠯᠴᠠᠭ᠎ᠠ  ᠶᠢ ᠢᠳᠡᠪᠬᠢᠲᠡᠶ ᠥᠷᠨᠢᠭᠦᠯᠵᠦ᠂ ᠬᠥᠭᠵᠢᠯᠲᠡ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠬᠠᠮᠲᠤᠷᠠᠯᠴᠠᠭᠠᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠳᠤᠮᠳᠠᠳᠤ ᠲᠦᠷᠺ  ᠤᠨ ᠰᠣᠶᠣᠯ ᠪᠠ ᠵᠢᠭᠤᠯᠴᠢᠯᠠᠯ ᠤᠨ ᠬᠠᠮᠲᠤᠷᠠᠯᠴᠠᠭ᠎ᠠ ᠪᠣᠯᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠳᠤᠮᠳᠠᠳᠤ ᠲᠦᠷᠺ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ  ᠃      ᠶᠠᠦᠽᠢ᠂ ᠳᠤᠮᠳᠠᠳᠤ ᠲᠦᠷᠺ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂  ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠮᠦᠰ ᠤᠨ ᠬᠠᠷᠢᠯᠴᠠᠨ ᠠᠶᠢᠯᠴᠢᠯᠠᠬᠤ ᠬᠡᠪᠴᠢᠶ᠎ᠡ ᠪᠠᠨ ᠥᠷᠭᠡᠳᠬᠡᠵᠦ᠂ ᠳᠤᠮᠳᠠᠳᠤ ᠲᠦᠷᠺ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ  ᠳᠤ ᠠᠷᠠᠳ ᠤᠨ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ  ᠃      ᠲᠤᠰ ᠤᠳᠠᠭᠠᠨ ᠤ ᠶᠠᠷᠢᠯᠴᠠᠭᠠᠨ ᠤ ᠲᠠᠪᠴᠠᠩ ᠢ ᠮᠠᠨ ᠤ ᠤᠯᠤᠰ ᠤᠨ ᠲᠦᠷᠺ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ ᠲᠦᠷᠺ ᠤᠨ ᠠᠷᠠᠯᠵᠢᠶᠠᠨ ᠤ ᠶᠠᠮᠤᠨ᠂ ᠲᠦᠷᠺ ᠤᠨ ᠬᠥᠳᠡᠭᠡ ᠠᠵᠤ ᠠᠬᠤᠢ ᠪᠠ ᠤᠢ ᠰᠢᠭᠤᠢ  ᠶᠢᠨ ᠶᠠᠮᠤᠨ᠂ ᠲᠦᠷᠺ ᠤᠨ ᠰᠣᠶᠣᠯ ᠪᠠ ᠵᠢᠭᠤᠯᠴᠢᠯᠠᠯ ᠤᠨ ᠶᠠᠮᠤᠨ᠂ ᠲᠦᠷᠺ ᠤᠨ ᠭᠠᠳᠠᠭᠠᠳᠤ ᠶᠠᠪᠤᠳᠠᠯ ᠤᠨ ᠶᠠᠮᠤᠨ  ᠤ ᠳᠡᠮᠵᠢᠯᠭᠡ ᠳᠣᠣᠷ᠎ᠠ᠂ ᠲᠦᠷᠺ — ᠳᠤᠮᠳᠠᠳᠤ ᠤᠯᠤᠰ ᠤᠨ ᠬᠤᠳᠠᠯᠳᠤᠭᠠᠨ ᠤ ᠬᠥᠭᠵᠢᠯᠲᠡ ᠪᠠ ᠳᠡᠮᠵᠢᠯᠭᠡ ᠶᠢᠨ ᠨᠡᠶᠢᠭᠡᠮᠯᠢᠭ᠂ ᠲᠦᠷᠺ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠬᠤᠳᠠᠯᠳᠤᠭᠠᠴᠢᠨ ᠤ ᠶᠡᠷᠦᠩᠬᠡᠢ ᠡᠪᠯᠡᠯ ᠬᠠᠮᠲᠤᠷᠠᠨ  ᠡᠷᠬᠢᠯᠭᠡᠰᠡᠨ ᠪᠠᠶᠢᠨ᠎ᠠ᠃ ᠬᠤᠷᠠᠯ ᠳᠤ ᠣᠷᠣᠯᠴᠠᠭᠰᠠᠨ ᠵᠣᠴᠢᠳ ᠳᠤᠮᠳᠠᠳᠤ ᠲᠦᠷᠺ ᠤᠨ ᠠᠷᠠᠯᠵᠢᠶ᠎ᠠ ᠬᠤᠳᠠᠯᠳᠤᠭ᠎ᠠ᠂ ᠰᠣᠶᠣᠯ᠂ ᠵᠢᠭᠤᠯᠴᠢᠯᠠᠯ᠂ ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠠᠰᠠᠭᠤᠳᠠᠯ ᠤᠨ ᠲᠤᠬᠠᠢ ᠰᠣᠯᠢᠯᠴᠠᠭ᠎ᠠ ᠪᠠ ᠶᠠᠷᠢᠯᠴᠠᠭ᠎ᠠ ᠥᠷᠨᠢᠭᠦᠯᠪᠡ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号