ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠤᠭᠤᠲᠤ ᠬᠤᠲᠠ  ᠶᠢᠨ ᠳᠠᠷᠬᠠᠨ ᠮᠤᠤᠮᠢᠩᠭᠠᠨ ᠬᠤᠰᠢᠭᠤᠨ ᠳᠤ ᠬᠦᠷᠴᠦ ᠲᠡᠦᠬᠡ ᠶᠢᠨ ᠳᠤᠷᠠᠰᠬᠠᠯᠲᠤ ᠵᠦᠶᠯᠡᠰ ᠢ ᠰᠡᠯᠪᠢᠨ ᠵᠠᠰᠠᠬᠤ ᠪᠠ ᠠᠮᠤᠷ ᠢ ᠬᠠᠮᠠᠭᠠᠯᠠᠬᠤ ᠢᠨᠵᠧᠨᠧᠷᠢᠩ ᠤᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/11
     9 ᠳ᠋ᠤᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠬᠠᠭᠤᠴᠢ ᠰᠤᠳᠤᠯᠤᠯ  ᠤᠨ ᠭᠠᠵᠠᠷ ᠪᠠ ᠲᠡᠦᠬᠡ ᠶᠢᠨ ᠳᠤᠷᠠᠰᠬᠠᠯᠲᠤ ᠵᠦᠶᠯᠡᠰ ᠤᠨ ᠰᠢᠮᠳᠠᠭᠤᠯᠤᠨ ᠪᠠᠶᠢᠴᠠᠭᠠᠬᠤ ᠭᠠᠵᠠᠷ ᠤᠨ ᠬᠠᠮᠢᠶ᠎ᠠ ᠪᠥᠬᠦᠶ ᠬᠥᠮᠦᠰ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠦᠷᠴᠦ᠂ ᠪᠠᠲᠤᠬᠠᠭᠠᠯᠭ᠎ᠠ  ᠶᠢᠨ ᠪᠣᠰᠣᠯᠭ᠎ᠠ ᠶᠢᠨ ᠬᠠᠭᠤᠴᠢᠨ ᠪᠠᠭᠤᠷᠢ᠂ ᠰᠢᠷᠡᠮᠦ᠋ᠷᠡᠨ ᠰᠦᠮ᠎ᠡ᠂ ᠤᠯᠠᠨᠰᠦ᠋ᠮ᠎ᠡ ᠶᠢᠨ ᠡᠷᠲᠡᠨ ᠤ ᠬᠤᠲᠠ ᠶᠢ ᠬᠠᠮᠠᠭᠠᠯᠠᠬᠤ ᠠᠵᠢᠯ ᠪᠠ ᠠᠮᠤᠷ ᠢ ᠬᠠᠮᠠᠭᠠᠯᠠᠬᠤ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠵᠢᠯᠣᠭᠤᠳᠪᠠ᠃
     ᠪᠠᠶᠢᠴᠠᠭᠠᠬᠤ ᠳᠤᠭᠤᠶᠢᠯᠠᠩ ᠭᠤᠷᠪᠠᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ  ᠶᠢᠨ ᠡᠳᠦᠷ ᠲᠤᠲᠤᠮ ᠤᠨ ᠬᠠᠮᠢᠶᠠᠷᠤᠯᠲᠠ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ ᠪᠠᠷᠢᠯᠭ᠎ᠠ ᠶᠢᠨ ᠶᠠᠰᠤ ᠴᠢᠨᠠᠷ ᠪᠣᠯᠤᠨ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠣᠶᠢᠯᠠᠭᠠᠵᠤ᠂ ᠣᠷᠣᠰᠢᠵᠤ ᠪᠠᠶᠢᠭ᠎ᠠ ᠬᠠᠮᠢᠶᠠᠷᠬᠤ᠂ ᠠᠷᠠᠴᠢᠯᠠᠨ ᠬᠠᠮᠠᠭᠠᠯᠠᠬᠤ ᠵᠡᠷᠭᠡ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠣᠯᠤᠨ ᠰᠠᠨᠠᠯ ᠳᠤᠷᠠᠳᠴᠤ᠂ ᠭᠠᠯ ᠤᠨᠲᠠᠷᠠᠭᠠᠬᠤ ᠲᠦᠬᠦᠭᠡᠷᠦᠮᠵᠢ ᠨᠢ ᠬᠢᠷᠢ ᠲᠡᠩᠴᠡᠬᠦ ᠦᠭᠡᠶ ᠪᠠᠶᠢᠪᠠᠯ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ  ᠃
     ᠪᠠᠶᠢᠴᠠᠭᠠᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠡᠯᠪᠡᠭ ᠪᠠᠶᠠᠯᠢᠭ᠂ ᠲᠡᠦᠬᠡ ᠰᠣᠶᠣᠯ  ᠤᠨ ᠠᠭᠤᠯᠤᠭᠳᠠᠬᠤᠨ ᠭᠦᠨ ᠵᠤᠵᠠᠭᠠᠨ᠂ ᠴᠢᠬᠤᠯᠠ ᠦᠨ᠎ᠡ ᠦᠷᠳᠡᠭ ᠲᠠᠢ ᠶᠤᠮ᠂ ᠣᠷᠣᠨ ᠨᠤᠲᠤᠭ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠢᠯᠢᠳᠡᠭ ᠲᠡᠦᠬᠡ ᠰᠣᠶᠣᠯ ᠤᠨ ᠥᠪ ᠢᠶᠠᠨ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠰᠢᠭᠯᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ ᠢᠯᠡᠷᠬᠡᠶᠢᠯᠡᠭᠰᠡᠨ ᠨᠢ᠂ ᠣᠷᠣᠰᠢᠵᠤ ᠪᠠᠶᠢᠭ᠎ᠠ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠤᠨ᠎ᠠ᠃ ᠬᠠᠮᠠᠭᠠᠯᠠᠯᠲᠠ ᠶᠢᠨ ᠠᠵᠢᠯ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠪᠣᠯᠤᠨ ᠰᠡᠯᠪᠢᠨ ᠵᠠᠰᠠᠬᠤ ᠵᠠᠷᠴᠢᠮ ᠢ ᠪᠠᠷᠢᠮᠲᠠᠯᠠᠨ᠂ ᠰᠡᠯᠪᠢᠨ ᠵᠠᠰᠠᠬᠤ ᠲᠥᠰᠦᠯ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ  ᠪᠠᠷ ᠨᠠᠶᠢᠷᠠᠭᠤᠯᠤᠨ ᠵᠣᠬᠢᠶᠠᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠶ ᠶᠢ ᠦᠨᠡᠨ ᠬᠦ ᠪᠠᠲᠤᠯᠠᠨ᠎ᠠ ᠭᠡᠵᠡᠢ᠃ ᠪᠤᠭᠤᠲᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠠᠵᠢᠯᠲᠠᠨ᠂ ᠳᠠᠷᠬᠠᠨ ᠮᠤᠤᠮᠢᠩᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠠᠩ ᠪᠠᠭᠠᠨ᠎ᠠ ᠵᠢᠴᠢ ᠲᠡᠦᠬᠡ ᠶᠢᠨ ᠳᠤᠷᠠᠰᠬᠠᠯᠲᠤ ᠵᠦᠶᠯᠡᠰ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号