︽ᠥᠪᠥᠷ ᠮᠣᠩᠭᠤᠯ ᠤᠨ ᠦᠵᠡᠭᠦᠯᠭᠡ ᠶᠢᠨ ᠣᠷᠳᠣᠨ︾ ᠨᠠᠶᠮᠠᠳᠤᠭᠠᠷ ᠬᠤᠭᠤᠴᠠᠭᠠᠨ ᠤ ᠰᠧᠴᠤᠸᠠᠨ ᠤ ᠣᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2021/9/11
     9 ᠳ᠋ᠣᠭᠡᠷ ᠰᠠᠷ᠎ᠠ ᠶᠢᠨ 3 ᠠᠴᠠ 5 ᠤ ᠡᠳᠦᠷ ᠤᠨ ᠬᠤᠭᠤᠷᠤᠨᠳᠤ᠂ ᠨᠠᠶᠮᠠᠳᠤᠭᠠᠷ ᠬᠤᠭᠤᠴᠠᠭᠠᠨ ᠤ ᠰᠧᠴᠤᠸᠠᠨ ᠤ ᠣᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠦᠵᠡᠰᠬᠦᠯᠡᠩ ᠰᠧᠴᠤᠸᠠᠨ ᠮᠤᠵᠢ ᠶᠢᠨ ᠯᠧ ᠱᠠᠨ ᠬᠤᠲᠠ ᠶᠢᠨ ᠧ ᠮᠧᠶ ᠱᠠᠨ ᠬᠤᠲᠠ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠦᠵᠡᠭᠦᠯᠭᠡ ᠶᠢᠨ ᠣᠷᠳᠣᠨ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃
     ᠥᠪᠥᠷ ᠮᠣᠩᠭᠤᠯ ᠤᠨ ᠦᠵᠡᠭᠦᠯᠭᠡ ᠶᠢᠨ ᠣᠷᠳᠣᠨ ᠨᠢ ᠪᠥᠬᠦ ᠣᠷᠣᠨ ᠤ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠬᠢᠯᠠᠰ ᠴᠡᠭ ᠪᠣᠯᠭᠠᠵᠤ᠂ ᠵᠢᠤᠢ ᠶᠠᠨ ᠤ ᠬᠠᠨ ᠤᠯᠤᠰ ᠤᠨ ᠦᠶ᠎ᠡ ᠶᠢᠨ ᠬᠤᠯᠤᠰᠤᠨ ᠪᠢᠴᠢᠭ ᠪᠠ ᠣᠷᠢᠶᠠᠮᠠᠯ ᠳᠡᠪᠲᠡᠷ ᠢᠶᠠᠷ ᠣᠨᠴᠠᠯᠢᠭ ᠢᠶᠠᠨ ᠪᠤᠯᠭᠠᠵᠤ᠂ ᠥᠪᠥᠷ ᠮᠣᠩᠭᠤᠯ ᠤᠨ ᠣᠨᠴᠠᠯᠢᠭ ᠪᠥᠬᠦᠶ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠦᠵᠡᠭᠦᠯᠭᠡ ᠶᠢᠨ ᠣᠷᠳᠣᠨ ᠢ ᠨᠠᠷᠢᠨ ᠨᠢᠮᠪᠠᠶ ᠲᠣᠬᠢᠷᠠᠭᠤᠯᠤᠭᠰᠠᠨ ᠪᠥᠭᠡᠳ ᠬᠥᠬᠡᠬᠤᠲᠠ᠂ ᠠᠯᠠᠱᠠ ᠵᠢᠴᠢ ᠮᠠᠨᠵᠤᠤᠷ ᠤᠨ 16 ᠰᠢᠯᠢᠳᠡᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ  ᠢ ᠵᠣᠬᠢᠶᠠᠨ ᠪᠠᠶᠢᠭᠤᠯᠤᠨ ᠦᠵᠡᠰᠬᠦᠯᠡᠩ ᠳᠤ ᠣᠷᠣᠯᠴᠠᠭᠤᠯᠵᠤ᠂ ᠬᠠᠴᠢᠨ ᠴᠢᠯᠠᠭᠤ᠂ ᠴᠠᠭᠠᠨ ᠭᠤᠶᠣᠣ᠂ ᠲᠡᠮᠡᠭᠡᠨ ᠤ ᠰᠦᠨ ᠤ ᠪᠦᠲᠦᠭᠡᠭᠳᠡᠭᠦᠨ᠂ ᠬᠡᠪᠢᠰ᠂ ᠠᠷᠠᠰᠤᠨ ᠰᠡᠶᠢᠯᠦᠮᠡᠯ᠂ ᠲᠠᠩᠺᠠ ᠵᠡᠷᠭᠡ 50 ᠭᠠᠷᠤᠶ ᠲᠥᠷᠥᠯ ᠤᠨ ᠨᠡᠶᠢᠲᠡ 400 ᠭᠠᠷᠤᠶ ᠰᠣᠶᠣᠯ ᠵᠢᠭᠤᠯᠴᠢᠯᠠᠯ ᠤᠨ ᠲᠠᠸᠠᠷ ᠢ ᠲᠦᠪᠯᠡᠷᠡᠭᠦᠯᠦᠨ ᠳᠡᠯᠭᠡᠨ ᠦᠵᠡᠭᠦᠯᠵᠦ ᠪᠤᠷᠤᠯᠠᠭᠤᠯᠵᠠᠢ᠃ ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠭᠡᠰᠢᠭᠦᠳ ᠮᠣᠷᠢᠨ ᠬᠤᠭᠤᠷ᠂ ᠬᠥᠭᠡᠮᠡᠢ᠂ ᠣᠷᠳᠣ ᠶᠢᠨ ᠳᠠᠭᠤᠤ ᠵᠡᠷᠭᠡ ᠭᠤᠶᠢᠳᠠ ᠰᠠᠶᠢᠬᠠᠨ ᠤᠷᠠᠨ ᠪᠦᠲᠦᠭᠡᠯ ᠤᠨ ᠲᠤᠭᠯᠠᠯᠲᠠ ᠭᠠᠷᠭᠠᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠪᠣᠯᠤᠨ ᠦᠵᠡᠭᠦᠯᠭᠡ ᠶᠢᠨ ᠬᠤᠳᠠᠯᠳᠤᠭᠠᠴᠢᠳ ᠤᠨ ᠪᠠᠭ᠋ᠠᠷᠬᠠᠯ ᠢ ᠲᠠᠲᠠᠵᠤ᠂ ᠥᠪᠥᠷ ᠮᠣᠩᠭᠤᠯ ᠤᠨ ᠦᠵᠡᠭᠦᠯᠭᠡ ᠶᠢᠨ ᠣᠷᠳᠣᠨ ᠣᠯᠠᠨ ᠤ ᠬᠦᠷᠢᠶᠡᠯᠡᠯ ᠢ ᠶᠡᠬᠡᠳᠡ ᠣᠯᠵᠠᠶ᠃ ᠦᠵᠡᠰᠬᠦᠯᠡᠩ ᠨᠢ 6 ᠲᠦᠮᠡ ᠭᠠᠷᠤᠶ ᠲᠥᠭᠦᠷᠢᠭ ᠤᠨ ᠪᠠᠷᠠᠭ᠎ᠠ ᠪᠤᠷᠤᠯᠠᠭᠤᠯᠵᠤ᠂ ᠰᠣᠶᠣᠯ ᠵᠢᠭᠤᠯᠴᠢᠯᠠᠯ ᠤᠨ 4 ᠠᠵᠤ ᠠᠬᠤᠶᠢᠯᠠᠯ ᠬᠠᠮᠲᠤᠷᠠᠯᠴᠠᠭᠠᠨ ᠤ ᠰᠠᠨᠠᠮᠵᠢ ᠲᠣᠭᠲᠠᠪᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号