ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠢ ᠵᠣᠷᠯᠣᠩ ᠢ ᠴᠢᠯᠥᠭᠡᠲᠡᠶ ᠨᠡᠭᠡᠭᠡᠬᠦ ᠦᠶᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/9/14
      ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠨ 《 ᠵᠣᠷᠯᠣᠩ ᠤᠨ ᠬᠤᠪᠢᠰᠬᠠᠯ 》 ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ  ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ  ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠢ ᠰᠤᠶᠤᠯ ᠪᠠ ᠵᠢᠭᠤᠯᠴᠢᠯᠠᠯ ᠤᠨ ᠲᠠᠯᠠᠪᠤᠷ ᠤᠨ ᠵᠣᠷᠯᠣᠩ ᠢ ᠴᠢᠯᠥᠭᠡᠲᠡᠶ ᠨᠡᠭᠡᠭᠡᠬᠦ ᠦᠶᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ  ᠃      ᠦᠢᠯᠡᠴᠢᠯᠡᠭᠡᠨ ᠤ ᠪᠦᠷᠬᠦᠴᠡ ᠶᠢ ᠥᠷᠭᠡᠳᠬᠡᠨ᠎ᠡ᠃ ᠲᠣᠰ ᠤᠳᠠᠭᠠᠨ ᠤ ᠦᠶᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠳᠤ ᠬᠤᠲᠠ ᠶᠢᠨ ᠳᠣᠲᠣᠷᠠᠬᠢ ᠡᠯ᠎ᠡ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ( ᠥᠷᠲᠡᠭᠡ )᠂ ᠮᠦᠽᠧᠶ᠂ ᠵᠦᠴᠦᠭᠡ ᠶᠢᠨ ᠬᠦᠷᠢᠶᠡᠯᠡᠩ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ᠂ ᠰᠣᠶᠣᠯ ᠵᠤᠭ᠎ᠠ ᠴᠡᠩᠭᠡᠯ ᠤᠨ ᠲᠠᠯᠠᠪᠤᠷ ᠵᠡᠷᠭᠡ ᠲᠠᠯᠠᠪᠤᠷ ᠭᠠᠵᠠᠷ ᠤᠨ ᠨᠡᠶᠢᠲᠡ ᠶᠢᠨ ᠵᠣᠷᠯᠣᠩ ᠤᠨ ᠭᠠᠳᠠᠭᠰᠢ ᠨᠡᠭᠡᠭᠡᠬᠦ ᠴᠠᠭ ᠨᠢ ᠲᠣᠰ ᠨᠢᠭᠡᠴᠢ ᠶᠢᠨ ᠠᠵᠢᠯᠯᠠᠬᠤ ᠴᠠᠭ ᠲᠠᠢ ᠨᠢᠭᠡᠳᠦᠯᠲᠡᠶ ᠪᠠᠶᠢᠵᠤ᠂ ᠳᠤᠷ᠎ᠠ ᠪᠠᠷ ᠢᠶᠠᠨ ᠬᠠᠭᠠᠬᠤ ᠪᠤᠶᠤ ᠤᠴᠢᠷ ᠰᠢᠯᠲᠠᠭᠠᠨ ᠥᠬᠡᠶ ᠪᠠᠷ ᠬᠡᠷᠡᠭᠯᠡᠬᠦ ᠪᠠᠨ ᠵᠣᠭᠰᠣᠵᠤ ᠪᠣᠯᠬᠤ ᠥᠬᠡᠶ ᠭᠡᠵᠦ ᠱᠠᠭᠠᠷᠳᠠᠪᠠ᠃ ᠡᠭᠦᠨ ᠤ ᠬᠠᠮᠲᠤ ᠰᠦᠢᠳᠬᠡᠯ ᠬᠤᠷᠢᠶᠠᠬᠤ ᠦᠭᠡᠶ ᠪᠠᠷ ᠴᠢᠯᠦᠭᠡᠲᠠᠢ ᠨᠡᠭᠡᠭᠡᠯᠲᠡ ᠬᠢᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠡᠷᠴᠢᠮ ᠲᠠᠢ ᠳᠡᠭᠡᠭᠰᠢᠯᠡᠭᠦᠯᠬᠦ ᠬᠡᠷᠡᠭᠲᠡᠶ  ᠃      ᠦᠶᠯᠡᠴᠢᠯᠡᠭᠡᠨ ᠤ ᠳᠥᠭᠦᠮ ᠳᠥᠲᠡ ᠴᠢᠨᠠᠷ ᠢ ᠲᠡᠭᠡᠭᠰᠢᠯᠡᠭᠦᠯᠦᠨ᠎ᠡ᠃ ᠵᠣᠷᠯᠣᠩ ᠤᠨ ᠢᠯᠭᠠᠬᠤ ᠲᠡᠮᠳᠡᠭ ᠤᠨ ᠰᠠᠨᠠᠭᠤᠯᠤᠮᠵᠢ ᠶᠢᠨ ᠲᠤᠰᠬᠠᠶ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠡᠴᠢ ᠰᠢᠰᠲ᠋ᠧᠮ ᠳᠤ ᠢᠯᠡ ᠲᠣᠳᠣ ᠵᠣᠷᠯᠣᠩ ᠤᠨ ᠫᠠᠶᠢᠰᠠ ( ᠵᠢᠱᠢᠶᠡᠯᠡᠪᠡᠯ 《  ᠲᠤᠲᠤᠷ᠎ᠠ ᠵᠣᠷᠯᠣᠩ ᠪᠤᠢ᠂ ᠭᠠᠳᠠᠭᠰᠢ ᠴᠢᠯᠦᠭᠡᠲᠠᠢ ᠨᠡᠭᠡᠭᠡᠨ᠎ᠡ》 ᠢᠯᠭᠠᠬᠤ ᠲᠡᠮᠳᠡᠭ ᠵᠡᠷᠭᠡ ) ᠪᠠᠶᠢᠷᠢᠯᠠᠭᠤᠯᠬᠤ ᠶᠢ ᠱᠠᠭᠠᠷᠳᠠᠨ᠎ᠠ ᠃ ᠪᠥᠬᠦ ᠬᠤᠲᠠ ᠶᠢᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠱᠤᠭᠤᠮ᠂ ᠮᠠᠯᠴᠢᠨ ᠲᠠᠷᠢᠶᠠᠴᠢᠨ ᠠᠶᠢᠯ ᠤᠨ ᠬᠤᠭᠤᠯᠠᠨ ᠭᠡᠷ ᠳᠠᠭᠠᠤ  ᠵᠢᠭᠤᠯᠴᠢᠯᠠᠯ  ᠤᠨ ᠵᠣᠷᠯᠣᠩ ᠤᠨ ᠪᠠᠶ ᠳ᠋ᠦ᠋ ᠰᠦᠯᠵᠢᠶᠡᠨ ᠤ  ᠭᠠᠵᠠᠷ ᠤᠨ ᠵᠢᠷᠤᠭ ᠲᠤ ᠵᠡᠭᠦᠯᠲᠡ ᠬᠠᠳᠠᠬᠤ ᠠᠵᠢᠯ ᠢ ᠲᠦᠷᠭᠡᠬᠡᠨ ᠪᠡᠶᠡᠯᠡᠭᠦᠯᠵᠦ᠂ ᠤᠳᠤᠷᠢᠳᠤᠮᠵᠢ ᠲᠡᠮᠳᠡᠭ ᠢ ᠲᠡᠭᠦᠯᠳᠡᠷᠵᠢᠭᠦᠯᠦᠨ᠂ ᠬᠤᠲᠠ ᠶᠢᠨ ᠠᠷᠠᠳ ᠪᠣᠯᠤᠨ ᠵᠢᠭᠤᠯᠴᠢᠯᠠᠭᠴᠢᠳ  ᠲᠤ ᠳᠥᠭᠦᠮ ᠳᠥᠲᠡ ᠦᠶᠯᠡᠴᠢᠯᠡᠭᠡ ᠬᠠᠩᠭᠠᠬᠤ ᠬᠡᠷᠡᠭᠲᠡᠶ  ᠃      ᠦᠢᠯᠡᠴᠢᠯᠡᠭᠡᠨ ᠤ ᠬᠠᠮᠢᠶᠠᠷᠤᠯᠲᠠ  ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ  ᠃ ᠲᠣᠰ ᠤᠳᠠᠭᠠᠨ ᠤ ᠦᠶᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠳᠤ ᠡᠯ᠎ᠡ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ ᠬᠢᠨ ᠲᠤᠰᠬᠠᠶ ᠬᠥᠮᠦᠨ ᠢ ᠨᠠᠶᠢᠳᠠᠪᠤᠷᠢᠵᠢᠭᠤᠯᠵᠤ᠂ ᠵᠣᠷᠯᠣᠩ ᠤᠨ ᠠᠷᠢᠭᠤᠨ ᠴᠡᠪᠡᠷ ᠢ ᠬᠠᠮᠠᠭᠠᠯᠠᠬᠤ ᠪᠠ  ᠲᠦᠭᠦᠭᠡᠷᠦᠮᠵᠢ  ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠬᠤᠯᠠ ᠪᠥᠬᠦᠶ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠂ ᠵᠢᠱᠢᠶᠡᠯᠡᠪᠡᠯ᠂ ᠵᠣᠷᠯᠣᠩ ᠤᠨ ᠴᠠᠭᠠᠰᠤ ᠶᠢ ᠦᠨ᠎ᠡ ᠲᠥᠯᠥᠪᠦᠷᠢ ᠥᠬᠡᠶ ᠪᠠᠷ ᠬᠠᠩᠭᠠᠬᠤ ᠪᠤᠶᠤ ᠬᠠᠮᠲᠤ ᠪᠠᠷ ᠡᠳ᠋ᠯᠡᠬᠦ ᠴᠠᠭᠠᠰᠤ ᠬᠠᠩᠭᠠᠬᠤ ᠲᠥᠬᠦᠭᠡᠷᠦᠮᠵᠢ ᠳᠣᠭᠢᠷᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠂ ᠪᠠᠺᠲ᠋ᠧᠷᠢ ᠠᠯᠠᠬᠤ ᠪᠠ ᠰᠠᠯᠬᠢ ᠨᠡᠪᠲᠡᠷᠡᠭᠦᠯᠦᠨ ᠠᠭᠠᠷ ᠢ ᠰᠤᠯᠢᠯᠴᠠᠭᠤᠯᠵᠤ ᠬᠡᠷ ᠳᠣᠲᠣᠷᠠᠬᠢ ᠡᠲᠡᠭᠡᠳ ᠦᠨᠦᠷ ᠢ ᠰᠠᠷᠨᠢᠭᠤᠯᠵᠤ᠂ ᠨᠥᠬᠦᠴᠡᠯ ᠲᠠᠢ ᠪᠠᠷ ᠠᠮᠤᠷ ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠵᠤ ᠦᠮᠡᠬᠡᠢ ᠦᠨᠦᠷ ᠢ ᠠᠷᠢᠯᠭᠠᠬᠤ ᠦᠶᠯᠡᠴᠢᠯᠡᠭᠡ ᠬᠠᠩᠭᠠᠬᠤ ᠶᠢᠨ ᠬᠠᠮᠲᠤ ᠠᠷᠢᠭᠤᠨ ᠴᠡᠪᠡᠷ ᠤᠨ ᠪᠠᠭᠠᠵᠢ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠵᠢᠴᠢ ᠡᠷᠬᠢᠨ ᠲᠣᠭᠤᠷᠢᠨ ᠤ ᠢᠯᠭᠠᠳᠠᠰᠤ ᠶᠢᠨ ᠲᠠᠲᠠᠭᠠᠯ ᠳᠤ ᠦᠮᠡᠬᠡᠶ ᠦᠨᠦᠷ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠳᠥᠭᠦᠮ ᠳᠥᠲᠡ ᠨᠦᠭᠦᠴᠡᠯ ᠬᠠᠩᠭᠠᠬᠤ ᠶᠢᠨ ᠬᠠᠮᠲᠤ᠂ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠨ᠎ᠡ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号