ᠣᠷᠳᠣᠰ ᠬᠤᠲᠠ ︽ᠠᠷᠪᠠᠨ ᠰᠢᠯᠢᠳᠡᠭ ᠪᠣᠯᠪᠠᠰᠤᠨ ᠵᠢᠭᠤᠯᠴᠢᠯᠠᠯ ᠤᠨ ᠬᠦᠲᠦᠴᠢ ᠦᠵᠡᠮᠵᠢ ᠶᠢᠨ ᠣᠷᠣᠨ  ᠳᠤ ᠣᠷᠣᠬᠤ︾ ᠪᠣᠯᠪᠠᠰᠤᠨ ᠲᠠᠨ ᠲᠠᠢ ᠬᠠᠮᠲᠤ ᠠᠶᠠᠯᠠᠬᠤ ᠰᠢᠷᠢᠰ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/14
     9 ᠳ᠋ᠦ᠋ᠭᠡᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠳᠠᠯᠠᠳ ᠬᠤᠰᠢᠭᠤᠨ ᠤ ᠸᠠᠨ ᠲᠦᠩ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠷᠭᠢᠯᠡᠭᠰᠡᠨ ︽ᠠᠷᠪᠠᠨ ᠰᠢᠯᠢᠳᠡᠭ ᠪᠣᠯᠪᠠᠰᠤᠨ  ᠵᠢᠭᠤᠯᠴᠢᠯᠠᠯ ᠤᠨ ᠬᠦᠲᠦᠴᠢ ᠦᠵᠡᠮᠵᠢ ᠶᠢᠨ ᠣᠷᠣᠨ ᠳᠤ ᠣᠷᠣᠬᠤ︾ ᠪᠣᠯᠪᠠᠰᠤᠨ ᠲᠠᠨ ᠲᠠᠢ ᠬᠠᠮᠲᠤ ᠠᠶᠠᠯᠠᠬᠤ ᠰᠢᠷᠢᠰ ᠪᠣᠯᠪᠠᠰᠤᠷᠠᠯ  ᠤᠨ ᠠᠵᠢᠯᠯᠠᠭ᠎ᠠ ᠤᠷᠤᠭᠰᠢᠲᠠᠶ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠣᠷᠳᠣᠰ ᠬᠤᠲᠠ ᠶᠢᠨ ᠶᠠᠰᠤ ᠴᠢᠨᠠᠷ ᠢᠶᠠᠷ ᠬᠤᠲᠠ  ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠪᠠᠷ ︽ᠶᠠᠰᠤ ᠴᠢᠨᠠᠷ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠬᠦ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ  ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠠᠶᠢᠨ ᠰᠠᠶᠢᠬᠠᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠲᠠ ᠶᠢᠨ ᠵᠢᠭᠤᠯᠴᠢᠯᠠᠯ ᠤᠨ ᠠᠵᠢᠯ ᠡᠷᠭᠢᠯᠡᠭᠰᠡᠳ  ᠤᠨ ᠦᠶᠯᠡᠴᠢᠯᠡᠭᠡᠨ ᠤ ᠴᠢᠳᠠᠪᠤᠷᠢ ᠶᠢ  ᠳᠡᠭᠡᠭᠰᠢᠯᠡᠭᠦᠯᠦᠨ᠂ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠶ᠃      ᠪᠥᠬᠦ ᠬᠤᠲᠠ ᠶᠢᠨ ᠨᠢᠭᠡᠳᠦᠭᠡᠷ ᠹᠷᠣᠨᠲ ᠤᠨ ᠵᠢᠭᠤᠯᠴᠢᠯᠠᠯ ᠤᠨ ᠬᠥᠲᠥᠴᠢ᠂ ᠦᠵᠡᠮᠵᠢ ᠶᠢᠨ ᠣᠷᠣᠨ ᠤ ᠲᠠᠶᠢᠯᠪᠤᠷᠢᠯᠠᠭᠴᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠢᠯᠲᠠᠨ ᠵᠢᠴᠢ ᠬᠤᠰᠢᠭᠤ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠭᠤᠤᠯᠯᠠᠭᠴᠢ ᠬᠦᠴᠦᠨ ᠨᠡᠶᠢᠲᠡ 70 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠪᠥᠬᠦ ᠤᠯᠤᠰ ᠤᠨ ᠵᠢᠭᠤᠯᠴᠢᠯᠠᠯ ᠤᠨ ᠰᠤᠷᠭᠠᠨ ᠬᠥᠮᠦᠵᠢᠯ ᠤᠨ ᠭᠠᠷᠮᠠᠭᠠᠶ ᠵᠠᠯᠠᠭᠤ ᠪᠠᠭᠰᠢ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠᠩ ᠬᠠᠶ ᠲᠤᠤ ᠪᠠᠭᠰᠢ ᠪᠥᠬᠦ ᠶᠠᠪᠤᠴᠠ ᠳᠤ ᠬᠢᠴᠢᠶᠡᠯᠯᠡᠵᠦ᠂ ᠵᠢᠷᠭᠤᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠤᠷᠤᠯᠳᠤᠭᠠᠨ ᠤ ᠠᠯᠲᠠᠨ ᠮᠧᠳᠠᠯ᠂ ᠮᠥᠩᠭᠦᠨ ᠮᠧᠳᠠᠯ ᠬᠦᠷᠲᠡᠭᠴᠢ ᠸᠠᠩ ᠰᠢᠶᠤᠤ ᠹᠸᠢ ᠪᠣᠯᠤᠨ ᠵᠠᠩ ᠫᠧᠩ ᠹᠸᠢ ᠵᠢᠭᠤᠯᠴᠢᠯᠠᠯ ᠤᠨ ᠬᠥᠲᠥᠴᠢ ᠶᠢᠨ ᠠᠵᠢᠯ ᠤᠨ ᠣᠯᠤᠯᠲᠠ ᠲᠥᠷᠥᠭᠳᠡᠯ ᠢᠶᠠᠨ ᠣᠯᠠᠨ ᠲᠠᠢ ᠬᠤᠪᠢᠶᠠᠯᠴᠠᠨ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠲᠤᠰᠬᠠᠶ ᠮᠡᠷᠭᠡᠵᠢᠯ ᠤᠨ ᠮᠡᠳᠡᠯᠭᠡ  ᠶᠢ ᠨᠢ ᠨᠥᠭᠡᠴᠡᠯᠡᠵᠦ᠂ ᠦᠶᠯᠡᠳᠦᠯᠭᠡ ᠶᠢᠨ ᠲᠤᠷᠰᠢᠯᠭ᠎ᠠ ᠶᠢ ᠨᠢ ᠬᠤᠷᠠᠮᠳᠤᠭᠤᠯᠤᠨ᠂ ᠠᠵᠢᠯ ᠮᠡᠷᠭᠡᠵᠢᠯ ᠤᠨ ᠰᠠᠭᠤᠷᠢ  ᠶᠢ ᠨᠢ ᠲᠠᠯᠪᠢᠪᠠ᠃      ᠡᠨᠡ ᠬᠦ ᠪᠣᠯᠪᠠᠰᠤᠷᠠᠯ ᠤᠨ ᠠᠵᠢᠯᠯᠠᠭ᠎ᠠ ᠶᠢ ᠳᠥᠷᠪᠡᠨ ᠬᠤᠭᠤᠴᠠᠭ᠎ᠠ ᠵᠣᠬᠢᠶᠠᠨ ᠪᠠᠶᠢᠭᠤᠯᠤᠨ ᠡᠷᠭᠢᠯᠡᠬᠦ ᠪᠠᠷ ᠲᠦᠯᠦᠪᠯᠡᠵᠡᠢ᠃ ᠵᠠᠯᠭᠠᠭᠠᠳ ᠳ᠋ᠦᠩᠱᠧᠩ ᠲᠣᠭᠤᠷᠢᠭ᠂ ᠦᠦᠰᠢᠨ ᠬᠤᠰᠢᠭᠤ᠂ ᠣᠲᠤᠭ ᠤᠨ ᠡᠮᠦᠨᠡᠲᠦ ᠬᠤᠰᠢᠭᠤᠨ  ᠳᠤ ᠲᠣᠰ ᠲᠣᠰ ᠶᠠᠪᠤᠭᠳᠠᠭᠤᠯᠤᠨ᠎ᠠ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号