ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ ᠤᠨ ᠰᠢᠯᠭᠠᠨ ᠲᠣᠭᠲᠠᠭᠠᠭᠴᠢ ᠵᠢᠴᠢ ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠵᠡᠷᠭᠡ ᠳᠡᠰ ᠤᠨ ᠰᠢᠯᠭᠠᠨ ᠲᠣᠭᠲᠠᠭᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/9/14
     ᠰᠣᠶᠣᠯ ᠪᠠ ᠵᠢᠭᠤᠯᠴᠢᠯᠠᠯ ᠤᠨ ᠶᠠᠮᠤᠨ ᠤ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠰᠤᠳ ᠮᠤᠵᠢ ᠶᠢᠨ ᠰᠢᠯᠢᠳᠡᠭ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠮᠠᠨ ᠤ ᠣᠷᠣᠨ ᠤ ᠵᠢᠭᠤᠯᠴᠢᠯᠠᠯ ᠤᠨ ᠪᠠᠭᠤᠳᠠᠯ ᠪᠠ ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 1 ᠤ ᠡᠳᠦᠷ ᠠᠴᠠ 9 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠴᠧᠩᠳᠦ᠋ ᠬᠤᠲᠠ ᠳᠤ ᠪᠥᠬᠦ ᠣᠷᠣᠨ ᠤ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ  ᠤᠨ ᠰᠢᠯᠭᠠᠨ ᠲᠣᠭᠲᠠᠭᠠᠭᠴᠢ ᠵᠢᠴᠢ ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠵᠡᠷᠭᠡ ᠳᠡᠰ ᠤᠨ ᠰᠢᠯᠭᠠᠨ ᠲᠣᠭᠲᠠᠭᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ  ᠳᠤ ᠣᠷᠣᠯᠴᠠᠵᠤ ᠶᠠᠷᠢᠶ᠎ᠠ ᠲᠠᠯᠪᠢᠪᠠ  ᠃
     ᠳᠡᠳ᠋ ᠲᠢᠩᠬᠢᠮ ᠤᠨ ᠳᠠᠷᠤᠭ᠎ᠠ ᠵᠠᠩ ᠸᠧᠨ ᠵᠢᠶᠦ᠋ᠨ ᠵᠢᠭᠠᠵᠤ ᠭᠠᠷᠭᠠᠭᠰᠠᠨ ᠨᠢ᠄ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠭᠰᠡᠨ ᠨᠢ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠪᠠᠰᠠ ᠴᠤ ᠳᠡᠭᠡᠳᠦ ᠱᠠᠲᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠶᠢᠨ ᠴᠢᠬᠤᠯᠠ ᠪᠥᠬᠦᠶ ᠭᠤᠭᠴᠤᠭ᠎ᠠ ᠪᠣᠯᠤᠨ᠎ᠠ᠂ ᠨᠠᠩ ᠴᠤ ᠣᠶᠢᠷ᠎ᠠ ᠶᠢᠨ ᠵᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠲᠤᠯᠭᠠᠮ ᠱᠠᠭᠠᠷᠳᠠᠯᠭ᠎ᠠ ᠪᠣᠯᠤᠨ᠎ᠠ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ 《 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ 》 ᠳᠤ᠂ ᠵᠡᠷᠭᠡ ᠳᠡᠰ ᠤᠨ ᠵᠢᠭᠤᠯᠴᠢᠯᠠᠯ ᠤᠨ ᠠᠷᠠᠳ ᠤᠨ ᠰᠠᠭᠤᠴᠠ ᠶᠢ ᠬᠦᠭᠵᠢᠭᠦᠯᠬᠦ ᠪᠠ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠥᠯᠥᠪᠯᠡᠭᠡ ᠶᠢ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ 12 ᠴᠢᠬᠤᠯᠠ ᠬᠦᠴᠦᠯᠡᠬᠦ ᠴᠡᠭ ᠲᠤ ᠵᠢᠭᠰᠠᠭᠠᠵᠤ᠂ ᠠᠷᠠᠳ ᠤᠨ ᠣᠷᠣᠨ ᠰᠠᠭᠤᠴᠠ ᠶᠢᠨ ᠵᠡᠷᠭᠡ ᠳᠡᠰ ᠢ ᠰᠢᠯᠭᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠨᠢᠭᠡ ᠪᠦᠯᠦᠭ ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠰᠢᠯᠢᠳᠡᠭ ᠡᠵᠡᠩᠨᠡᠭᠴᠢ  ᠶᠢ ᠬᠥᠮᠦᠵᠢᠭᠦᠯᠦᠨ᠂ ᠨᠢᠭᠡ ᠪᠦᠯᠦᠭ ᠵᠡᠷᠭᠡ ᠳᠡᠰ ᠤᠨ ᠵᠢᠭᠤᠯᠴᠢᠯᠠᠯ ᠤᠨ ᠠᠷᠠᠳ ᠤᠨ ᠰᠠᠭᠤᠴᠠ ᠶᠢ ᠬᠦᠭᠵᠢᠭᠦᠯᠦᠨ ᠨᠡᠶᠢᠲᠡᠯᠡᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ  ᠃ ᠣᠳᠣᠨ ᠲᠠᠰ  ᠤᠨ ᠵᠢᠭᠤᠯᠴᠢᠯᠠᠯ ᠤᠨ ᠪᠠᠭᠤᠳᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠠᠬᠢᠭᠤᠯᠵᠤ᠂ 3 ᠠᠴᠠ 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠵᠢᠭᠤᠯᠴᠢᠯᠠᠯ ᠤᠨ ᠬᠤᠨᠤᠭ ᠪᠠᠭᠤᠳᠠᠯ ᠤᠨ ᠦᠶᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠵᠦ᠂ ᠥᠪᠡᠷᠮᠢᠴᠡ ᠣᠨᠴᠠᠯᠢᠭ ᠲᠠᠢ ᠪᠣᠯᠭᠠᠵᠤ᠂ ᠪᠣᠬᠢᠷᠲᠤᠯ ᠥᠬᠡᠶ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠦᠶᠯᠡᠴᠢᠯᠡᠭᠡᠨ ᠤ ᠶᠠᠰᠤ ᠴᠢᠨᠠᠷ ᠪᠠ ᠵᠣᠴᠢᠳ ᠤᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠲᠥᠷᠥᠯ ᠤᠨ ᠢᠷᠠᠭᠤ ᠠᠯᠳᠠᠷ ᠤᠨ ᠬᠡᠮᠵᠢᠶ᠎ᠡ ᠶᠢ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ  ᠃      ᠪᠤᠯᠪᠠᠰᠤᠷᠠᠯ ᠨᠢ ᠲᠤᠰᠬᠠᠶ ᠮᠡᠷᠭᠡᠵᠢᠯᠲᠡᠨ ᠠᠴᠠ ᠲᠠᠶᠢᠯᠤᠮᠵᠢ ᠬᠢᠬᠦ᠂ ᠲᠤᠬᠠᠶ ᠶᠢᠨ ᠭᠠᠵᠠᠷ ᠲᠤ ᠨᠢ ᠰᠤᠳᠤᠯᠤᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭᠠᠲᠠᠳ ᠤᠨ ᠰᠡᠳᠬᠢᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠦᠶᠯᠡᠳᠦᠯᠭᠡ ᠶᠢᠨ ᠴᠢᠳᠠᠪᠤᠷᠢ ᠶᠢ ᠨᠢ ᠲᠡᠭᠡᠭᠰᠢᠯᠡᠭᠦᠯᠦᠨ᠂ ᠲᠡᠷᠢᠭᠦᠨ ᠤ ᠬᠢ ᠠᠴᠠ ᠰᠤᠷᠤᠯᠴᠠᠬᠤ᠂ ᠬᠠᠷᠢᠯᠴᠠᠨ ᠲᠣᠯᠢᠳᠠᠬᠤ᠂ ᠬᠠᠮᠲᠤ ᠪᠠᠷ ᠲᠡᠭᠡᠭᠰᠢᠯᠡᠬᠦ ᠵᠣᠷᠢᠯᠭ᠎ᠠ ᠳᠤ ᠭᠦᠷᠦᠭᠰᠡᠨ ᠤ ᠬᠠᠮᠲᠤ᠂ ᠲᠣᠰ ᠪᠡᠶ᠎ᠡ ᠶᠢᠨ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠤᠯᠠᠮ ᠨᠢᠭᠡ ᠠᠯᠬᠤᠮ ᠢᠯᠡᠷᠡᠭᠦᠯᠵᠦ᠂ ᠲᠠᠷᠠᠭᠠᠴᠢ ᠶᠢᠨ ᠠᠯᠬᠤᠮ ᠳᠤ ᠪᠥᠬᠦ ᠣᠷᠣᠨ ᠤ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ  ᠃
     ᠪᠥᠬᠦ ᠣᠷᠣᠨ ᠤ 12 ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ  ᠲᠤᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ  ᠬᠠᠷᠢᠭᠤᠴᠠᠯᠭᠠᠲᠠᠳ ᠵᠢᠴᠢ ᠡᠯ᠎ᠡ ᠠᠶᠢᠮᠠᠭ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠣᠳᠣᠨ ᠦᠨᠡᠯᠡᠭᠴᠢ  ᠵᠡᠷᠭᠡ ᠨᠡᠶᠢᠲᠡ 85 ᠬᠥᠮᠦᠨ ᠪᠣᠯᠪᠠᠰᠤᠷᠠᠯ ᠳᠤ ᠣᠷᠣᠯᠴᠠᠵᠠᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号