9 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠦᠵᠡᠰᠬᠦᠯᠡᠩ ᠤᠨ | ᠣᠷᠳᠣᠨ ᠤ ᠳᠠᠷᠤᠭ᠎ᠠ ᠸᠠᠩ ᠱᠢ ᠶᠢᠩ ᠵᠡᠷᠭᠡ 6 ᠬᠥᠮᠦᠨ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ | ᠤᠨ ᠦᠨᠳᠦᠰᠦᠲᠡᠨ ᠤ ᠰᠣᠶᠣᠯ ᠤᠨ ᠣᠷᠳᠣᠨ ᠳᠤ ᠬᠦᠷᠴᠦ ᠦᠵᠡᠰᠬᠦᠯᠡᠩ ᠢ ᠤᠷᠤᠭᠤᠯᠬᠤ ᠠᠵᠢᠯ ᠤᠨ ᠲᠤᠬᠠᠢ | ᠵᠤᠯᠭᠠᠯᠴᠠᠪᠠ ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠦᠨᠳᠦᠰᠦᠲᠡᠨ ᠤ ᠰᠣᠶᠣᠯ ᠤᠨ | ᠣᠷᠳᠣᠨ ᠤ ᠦᠵᠡᠰᠬᠦᠯᠡᠩ ᠤᠨ ᠣᠷᠳᠣᠨ ᠤ ᠳᠠᠷᠤᠭ᠎ᠠ ᠺᠦᠩ ᠳ᠋ᠧ ᠰᠢ ᠬᠤᠷᠠᠯ ᠢ ᠡᠷᠭᠢᠯᠡᠵᠦ᠂ ᠮᠦᠽᠧᠶ ᠶᠢᠨ | ᠳᠠᠷᠤᠭ᠎ᠠ᠂ ᠳᠡᠳ᠋ ᠰᠤᠳᠤᠯᠤᠭᠴᠢ ᠲᠤᠤ ᠶᠢᠩ ᠵᠢᠴᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠬᠠᠮᠢᠶ᠎ᠠ | ᠪᠥᠬᠦᠶ ᠬᠥᠮᠦᠰ ᠬᠤᠷᠠᠯ ᠳᠤ ᠣᠷᠣᠯᠴᠠᠪᠠ ᠃ | | ᠬᠤᠷᠠᠯ ᠳᠡᠭᠡᠷ᠎ᠡ᠂ ᠺᠦᠩ ᠳ᠋ᠧ ᠰᠢ ᠦᠨᠳᠦᠰᠦᠲᠡᠨ ᠤ ᠰᠣᠶᠣᠯ ᠤᠨ ᠣᠷᠳᠣᠨ ᠤ《 ᠦᠨᠳᠦᠰᠦᠲᠡᠨ | ᠨᠦ᠋ᠭᠦᠳᠦᠨ ᠠᠷᠠᠳ ᠲᠦᠮᠡᠨ ᠡᠪ ᠬᠠᠮᠲᠤ ᠨᠠᠮ ᠲᠠᠢ ᠪᠠᠨ ᠡᠯᠢᠭᠡ ᠵᠢᠷᠦᠭᠡᠨ ᠤ ᠬᠤᠯᠪᠤᠭᠠᠲᠠᠢ》 ᠭᠤᠣᠯ ᠰᠡᠳᠦᠪᠲᠦ | ᠰᠢᠷᠢᠰ ᠦᠵᠡᠰᠬᠦᠯᠡᠩ ᠢ ᠠᠮᠵᠢᠯᠲᠠ ᠲᠠᠢ ᠡᠷᠬᠢᠯᠡᠭᠰᠡᠨ ᠲᠤᠷᠰᠢᠯᠭ᠎ᠠ᠂ ᠨᠡᠶᠢᠭᠡᠮ ᠤᠨ ᠲᠤᠰᠬᠠᠯ ᠢ ᠲᠠᠨᠢᠯᠴᠠᠭᠤᠯᠪᠠ᠃ | ᠬᠤᠶᠠᠷ ᠲᠠᠯ᠎ᠠ ᠪᠠᠷ ᠢᠶᠠᠨ ᠳᠡᠯᠭᠡᠨ ᠦᠵᠡᠭᠦᠯᠬᠦ ᠠᠭᠤᠯᠭ᠎ᠠ᠂ ᠬᠡᠯᠪᠡᠷᠢ᠂ ᠵᠢᠷᠤᠭ ᠲᠥᠯᠥᠪᠯᠡᠭᠡ᠂ ᠦᠵᠡᠯ ᠤᠬᠠᠮᠰᠠᠷ | ᠤᠨ ᠬᠡᠯᠪᠡᠷᠢ ᠶᠢᠨ ᠡᠵᠡᠮᠳᠡᠯ᠂ ᠴᠠᠭ ᠬᠤᠭᠤᠴᠠᠭᠠᠨ ᠤ ᠲᠤᠬᠢᠷᠠᠭᠤᠯᠤᠯᠲᠠ᠂ ᠬᠠᠮᠲᠤᠷᠠᠯᠴᠠᠭᠠᠨ ᠤ ᠵᠠᠭᠪᠤᠷ ᠵᠡᠷᠭᠡ ᠶᠢᠨ | ᠲᠣᠭᠤᠷᠢᠨ ᠳᠤ ᠶᠠᠷᠢᠯᠴᠠᠵᠤ᠂ ᠰᠠᠨᠠᠯ ᠨᠢᠭᠡᠳᠪᠡ᠃ | | |