ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ  ᠰᠤᠲᠤᠯᠤᠯ ᠤᠨ ᠬᠦᠷᠢᠶᠡᠯᠡᠩ᠂ ᠤᠯᠠᠭᠠᠨᠮᠥ᠋ᠴᠢᠷ ᠤᠨ ᠣᠷᠳᠣᠨ ᠳᠤ ᠬᠦᠷᠴᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/9/14
     9 ᠳ᠋ᠦ᠋ᠭᠡᠷ ᠰᠠᠷ᠎ᠠ ᠶᠢᠨ 7 ᠤ ᠡᠲᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2022 — 2024 ᠣᠨ ᠤ ᠡᠳ᠋ ᠤᠨ ᠵᠠᠰᠠᠭ ᠤᠨ ᠵᠠᠷᠤᠯᠭ᠎ᠠ ᠶᠢ ᠪᠥᠬᠦ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ 2022 ᠣᠨ ᠤ ᠲᠥᠰᠦᠪ ᠢ ᠵᠦᠶ ᠵᠣᠬᠢᠰᠲᠠᠶ ᠂ ᠪᠤᠰᠤᠳᠴᠢ ᠪᠠᠷ ᠨᠠᠶᠢᠷᠠᠭᠤᠯᠤᠨ ᠵᠣᠬᠢᠶᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠤᠨ ᠭᠠᠵᠠᠷ ᠤᠨ ᠳᠠᠷᠤᠭ᠎ᠠ ᠲᠠᠩ ᠯᠢ ᠵᠢᠶᠦ᠋ᠨ᠂ ᠳᠡᠳ᠋ ᠭᠠᠵᠠᠷ ᠤᠨ ᠳᠠᠷᠤᠭ᠎ᠠ ᠴᠧᠨ ᠬᠤᠩ ᠢᠦᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠲᠤᠯᠤᠯ ᠤᠨ ᠬᠦᠷᠢᠶᠡᠯᠡᠩ᠂ ᠤᠯᠠᠭᠠᠨᠮᠥ᠋ᠴᠢᠷ ᠤᠨ ᠣᠷᠳᠣᠨ ᠳᠤ ᠬᠦᠷᠴᠦ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠪᠠ  ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ ᠬᠤᠯᠪᠣᠭᠳᠠᠯ ᠪᠦᠬᠦᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠤᠷᠠᠯᠢᠭ ᠰᠤᠲᠤᠯᠤᠯ ᠤᠨ ᠬᠦᠷᠢᠶᠡᠯᠡᠩ ᠤᠨ ᠲᠠᠩᠰᠠ ᠡᠪᠬᠡᠮᠡᠯ ᠤᠨ ᠣᠷᠳᠣᠨ ᠤ ᠪᠠᠬᠢᠵᠢᠭᠦᠯᠵᠦ ᠰᠡᠯᠪᠢᠨ ᠵᠠᠰᠠᠵᠤ᠂ ᠦᠭᠡᠷᠡᠴᠢᠯᠡᠯᠲᠡ ᠬᠢᠬᠦ ᠪᠠᠷᠢᠯᠭ᠎ᠠ᠂ ᠲᠠᠩᠰᠠ ᠡᠪᠬᠡᠮᠡᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ᠂ ᠲᠤᠭ᠎ᠠ ᠪᠠᠷᠢᠮᠲᠠ ᠶᠢᠨ ᠬᠥᠮᠥᠷᠭᠡ ᠶᠢᠨ ᠮᠠᠰᠢᠨ ᠤ ᠬᠡᠷ ᠤᠨ ᠰᠢᠨᠡᠴᠢᠯᠡᠯᠲᠡ᠂ ᠭᠠᠯ ᠰᠡᠷᠭᠡᠶᠢᠯᠡᠬᠦ ᠶᠡᠷᠦᠩᠬᠡᠶ ᠡᠵᠡᠮᠰᠢᠯ ᠤᠨ ᠲᠠᠪᠴᠠᠩ ᠤᠨ ᠬᠡᠷᠡᠭᠯᠡᠯᠲᠡ ᠶᠢᠨ ᠪᠠᠶᠢᠳᠠᠯ ᠵᠢᠴᠢ ᠤᠯᠠᠭᠠᠨᠮᠥ᠋ᠴᠢᠷ ᠤᠨ ᠣᠷᠳᠣᠨ ᠤ ᠣᠷᠳᠣᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠴᠢᠳᠠᠮᠵᠢᠳᠤ ᠣᠷᠣᠨ ᠤ ᠬᠡᠷᠡᠭᠯᠡᠯᠲᠡ ᠶᠢᠨ ᠬᠤᠪᠢᠶᠠᠷᠢᠯᠠᠯ᠂ ᠲᠠᠶᠢᠰᠠᠨ ᠤ ᠲᠥᠬᠦᠭᠡᠷᠦᠮᠵᠢ ᠲᠣᠨᠣᠭᠯᠠᠯ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠪᠠ  ᠃ ᠡᠭᠦᠨ ᠤ ᠬᠠᠮᠲᠤ ᠲᠠᠩᠰᠠ ᠡᠪᠬᠡᠮᠡᠯ ᠤᠨ ᠪᠠᠶᠢᠭᠤᠯᠤᠯᠲᠠ᠂ ᠴᠢᠳᠠᠮᠵᠢ ᠶᠢᠨ ᠳᠡᠭᠡᠭᠰᠢᠯᠡᠯᠲᠡ᠂ ᠮᠡᠳᠡᠭᠡ ᠵᠠᠩᠭᠢ ᠶᠢᠨ ᠬᠠᠳᠠᠭᠠᠯᠠᠯᠲᠠ ᠵᠡᠷᠭᠡ ᠳᠤ ᠬᠡᠷᠡᠭᠰᠡᠬᠦ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠵᠡᠷᠭᠡ ᠠᠰᠠᠭᠤᠳᠠᠯ ᠵᠢᠴᠢ ᠢᠨᠵᠧᠨᠧᠷᠢᠩ ᠤᠨ ᠡᠬᠢᠯᠡᠨ ᠬᠡᠷᠡᠭᠯᠡᠬᠦ᠂ ᠠᠵᠢᠯᠯᠠᠭᠤᠯᠬᠤ᠂ ᠬᠠᠮᠠᠭᠠᠯᠠᠬᠤ ᠳᠤ ᠬᠡᠷᠡᠭᠰᠡᠬᠦ ᠡᠳ᠋  ᠤᠨ ᠵᠠᠰᠠᠭ ᠤᠨ ᠪᠠᠯᠠ ᠮᠥᠩᠭᠦ ᠶᠢᠨ ᠮᠡᠳᠡᠭᠦᠯᠦᠯᠲᠡ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ  ᠃      ᠳᠡᠳ᠋ ᠲᠢᠩᠬᠢᠮ ᠤᠨ ᠳᠠᠷᠤᠭ᠎ᠠ ᠵᠠᠩ ᠸᠧᠨ ᠵᠢᠶᠦ᠋ᠨ᠂ ᠨᠢᠭᠡ ᠳᠤ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ 《 ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》 ᠤᠨ ᠵᠣᠷᠢᠭ ᠰᠠᠨᠠᠭ᠎ᠠ ᠪᠣᠯᠤᠨ 《 ᠠᠷᠪᠢᠴᠢ ᠭᠠᠮᠲᠠᠶ ᠠᠮᠢᠳᠤᠷᠠᠬᠤ 》 ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠭᠤᠤᠯᠳᠠᠯᠭ᠎ᠠ ᠲᠠᠢ ᠡᠭᠦᠷᠭᠡ ᠶᠢ ᠤᠷᠢᠳ ᠢᠶᠠᠷ ᠪᠠᠲᠤᠯᠠᠵᠤ᠂ ᠲᠥᠰᠦᠪ ᠤᠨ ᠲᠣᠬᠢᠷᠠᠭᠤᠯᠤᠯᠲᠠ ᠨᠢ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠭᠤᠤᠯᠳᠠᠯᠭ᠎ᠠ ᠲᠠᠢ ᠡᠭᠦᠷᠭᠡ ᠶᠢ ᠤᠷᠢᠳ ᠢᠶᠠᠷ ᠪᠠᠲᠤᠯᠠᠬᠤ ᠪᠠ ᠰᠠᠯᠠᠭ᠎ᠠ ᠮᠥᠴᠢᠷ ᠤᠨ ᠬᠡᠪ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠪᠠ ᠠᠵᠢᠯᠯᠠᠭᠠᠨ ᠤ ᠴᠢᠬᠤᠯᠠ ᠪᠥᠬᠦᠶ ᠵᠠᠷᠤᠯᠭ᠎ᠠ ᠶᠢ ᠪᠠᠲᠤᠯᠠᠬᠤ ᠬᠡᠷᠡᠭᠲᠠᠢ᠃ ᠭᠤᠷᠪᠠ ᠳᠤ᠂ ᠭᠤᠣᠯᠳᠠᠯᠭ᠎ᠠ ᠶᠢ ᠡᠵᠡᠮᠳᠡᠬᠦ ᠶᠢ ᠲᠤᠪᠤᠶᠢᠯᠭᠠᠨ᠂ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠷᠢᠯᠢᠬᠵᠢᠭᠤᠯᠬᠤ ᠶᠢ ᠬᠡᠷᠡᠭᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠴᠠᠭ ᠲᠤᠬᠠᠢ ᠳᠤ ᠨᠢ ᠪᠡᠶᠡᠯᠡᠭᠦᠯᠬᠦ ᠶᠢᠨ ᠬᠠᠮᠲᠤ ᠲᠥᠰᠦᠪ ᠢ ᠭᠦᠢᠴᠡᠳᠬᠡᠬᠦ ᠠᠬᠢᠴᠠ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠲᠦᠷᠦᠯ ᠵᠦᠢᠯᠡᠰ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠠᠵᠢᠯ ᠢ ᠲᠦᠷᠭᠡᠯᠡᠨ ᠠᠬᠢᠭᠤᠯᠵᠤ᠂ ᠠᠷᠠᠳ ᠤᠯᠠᠨ ᠳᠤ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠬᠡᠷ᠂ ᠡᠳ᠋ ᠤᠨ ᠶᠠᠪᠤᠳᠠᠯ ᠤᠨ ᠭᠠᠵᠠᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠲᠤᠯᠤᠯ ᠤᠨ  ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ  ᠃
     ᠥᠪᠥᠷ ᠮᠣᠩᠭᠤᠯ ᠤᠨ ᠤᠷᠠᠯᠢᠭ ᠤᠨ ᠳᠠᠩᠰᠠ ᠡᠪᠬᠡᠮᠡᠯ ᠤᠨ ᠣᠷᠳᠣᠨ ᠳᠤ ᠪᠠᠶᠢᠴᠠᠭᠠᠨ ᠰᠤᠳᠤᠯᠤᠯᠲᠠ ᠬᠢᠪᠡ
     ᠤᠯᠠᠭᠠᠨᠮᠥ᠋ᠴᠢᠷ ᠤᠨ ᠣᠷᠳᠣᠨ ᠳᠤ ᠪᠠᠶᠢᠴᠠᠭᠠᠨ ᠰᠤᠳᠤᠯᠤᠯᠲᠠ ᠬᠢᠪᠡ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号