ᠲᠦᠩᠯᠢᠶᠣᠤ ᠬᠤᠲᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠣᠶᠣᠯ ᠤᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2021/9/15
     9 ᠳ᠋ᠦ᠋ᠭᠡᠷ ᠰᠠᠷ᠎ᠠ ᠶᠢᠨ 13 ᠤ ᠡᠳᠦᠷ᠂ 2021 ᠣᠨ ᠤ ᠲᠦᠩᠯᠢᠶᠣᠤ ᠬᠤᠲᠠ ᠶᠢᠨ ᠵᠡᠮᠳᠡᠭᠴᠦᠳ ᠤᠨ ᠰᠣᠶᠣᠯ ᠤᠨ ᠭᠠᠷᠠᠭ ᠤᠨ ᠰᠢᠷᠢᠰ ᠠᠵᠢᠯᠯᠠᠭ᠎ᠠ — ︽ ︿ᠰᠢᠨ᠎ᠡ ᠠᠶᠠᠨ ᠵᠠᠮ ᠳᠤ ᠪᠠᠨ ᠰᠢᠨ᠎ᠡ ᠬᠠᠭᠤᠳᠠᠰᠤ ᠶᠢ ᠪᠢᠴᠢᠭᠯᠡᠶ᠎ᠡ﹀ ᠵᠡᠮᠳᠡᠭᠴᠦᠳ ᠤᠨ ᠤᠷᠠᠨ ᠪᠢᠴᠢᠯᠭᠡ ᠤᠷᠠᠨ ᠵᠢᠷᠤᠭ ᠭᠠᠷ ᠤᠷᠠᠯᠠᠯ ᠤᠨ ᠪᠦᠲᠦᠭᠡᠯ ᠤᠨ ᠦᠵᠡᠭᠦᠯᠭᠡ︾ ᠡᠬᠢᠯᠡᠪᠡ᠃ ᠠᠵᠢᠯᠯᠠᠭ᠎ᠠ ᠶᠢ ᠲᠦᠩᠯᠢᠶᠣᠤ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠤᠤᠯᠯᠠᠨ ᠡᠷᠭᠢᠯᠡᠵᠦ᠂ ᠲᠦᠩᠯᠢᠶᠣᠤ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠬᠡᠯᠳᠡᠰ᠂ ᠲᠦᠩᠯᠢᠶᠣᠤ ᠬᠤᠲᠠ ᠶᠢᠨ ᠰᠣᠶᠣᠯ  ᠤᠨ ᠣᠷᠳᠣᠨ ᠳᠠᠭᠠᠭᠠᠴᠢᠯᠠᠨ ᠡᠷᠭᠢᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠬᠠᠮᠵᠢᠯᠴᠠᠨ ᠡᠷᠭᠢᠯᠡᠪᠡ  ᠃      ᠲᠤᠰ ᠤᠳᠠᠭᠠᠨ ᠤ ᠦᠵᠡᠭᠦᠯᠭᠡ ᠳᠤ 68 ᠤᠷᠠᠯᠢᠭᠴᠢᠨ᠂ ᠪᠠᠭᠰᠢ᠂ ᠰᠤᠷᠤᠭᠴᠢ᠂ ᠠᠵᠢᠯ ᠤᠨ ᠴᠢᠯᠥᠭᠡᠨ ᠤ ᠪᠠᠭ᠋ᠠᠲᠠᠳ ᠣᠷᠣᠯᠴᠠᠵᠤ᠂ ᠬᠠᠮᠤᠭ ᠪᠠᠭ᠎ᠠ ᠨᠢ 10 ᠨᠠᠰᠤᠲᠠᠶ᠂ ᠬᠠᠮᠤᠭ ᠠᠬᠠᠮᠠᠳ ᠨᠢ 69 ᠨᠠᠰᠤᠲᠠᠶ᠃ ᠪᠥᠬᠦ ᠬᠤᠲᠠ ᠶᠢᠨ ᠶᠢᠰᠦᠨ ᠬᠤᠰᠢᠭᠤ ᠰᠢᠶᠠᠨ ᠬᠤᠲᠠ ᠲᠣᠭᠤᠷᠢᠭ ᠵᠢᠴᠢ ᠲᠦᠩᠯᠢᠶᠣᠤ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠩᠭᠤᠨ ᠬᠦᠷᠭᠡᠭᠰᠡᠨ 143 ᠪᠦᠲᠦᠭᠡᠯ ᠢ ᠳᠡᠯᠭᠡᠨ ᠦᠵᠡᠭᠦᠯᠵᠦ᠂ ᠡᠭᠦᠨ ᠳᠤ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ 77᠂ ᠭᠠᠷ ᠤᠷᠠᠯᠠᠯ ᠤᠨ ᠪᠦᠲᠦᠭᠡᠯ 66 ᠪᠣᠶ  ᠃ ᠦᠵᠡᠭᠦᠯᠭᠡ  ᠳᠤ ᠲᠡᠯᠭᠡᠭᠳᠡᠭᠰᠡᠨ ᠪᠦᠲᠦᠭᠡᠯ ᠨᠢ ᠣᠳᠣᠬᠠᠨ ᠤ ᠪᠠᠶᠢᠳᠠᠯ ᠳᠤ ᠰᠠᠭᠤᠷᠢᠯᠠᠨ᠂ ᠥᠪᠡᠷ ᠢᠶᠠᠨ ᠬᠦᠴᠦᠷᠬᠡᠭᠵᠢᠬᠦ᠂ ᠭᠤᠤᠯ ᠰᠡᠳᠦᠪ ᠢᠯᠡ ᠲᠣᠳᠣ᠂ ᠬᠡᠪ ᠨᠠᠮᠪᠠ ᠣᠯᠠᠨ ᠶᠠᠩᠵᠤ ᠶᠢᠨ ᠪᠠᠶᠢᠬᠤ ᠶᠢ ᠢᠯᠡᠷᠡᠭᠦᠯᠵᠦ᠂ ᠵᠡᠮᠳᠡᠭᠴᠦᠳ ᠨᠦᠭᠦᠳ ᠨᠠᠷ ᠤᠨ ᠤᠷᠠᠯᠢᠭ ᠲᠤ ᠬᠠᠶᠢᠷᠠᠲᠠᠶ ᠪᠠᠶᠢᠬᠤ᠂ ᠠᠮᠢᠳᠤᠷᠠᠯ ᠳᠤ ᠪᠠᠶᠠᠰᠤᠩᠭᠤᠶ ᠪᠠᠶᠢᠬᠤ᠂ ᠢᠷᠡᠭᠡᠳᠦᠶ ᠳᠤ ᠬᠠᠨᠳᠤᠬᠤ ᠬᠦᠰᠡᠯ ᠡᠷᠡᠮᠡᠯᠵᠡᠯ ᠢ ᠢᠯᠡᠳᠭᠡᠭᠰᠡᠨ ᠪᠠᠶᠢᠨ᠎ᠠ᠃      ᠤᠷᠠᠯᠢᠭ ᠨᠢ ᠬᠦᠮᠦᠰ ᠤᠨ ᠠᠮᠢᠳᠤᠷᠠᠯ ᠢ ᠬᠡᠷᠡᠯᠳᠤᠬᠦᠯᠵᠤ᠂ ᠬᠦᠰᠡᠯ ᠵᠡᠭᠦᠳᠦ ᠨᠢ ᠢᠷᠡᠭᠡᠳᠦᠢ ᠶᠢ ᠴᠤᠭᠴᠠᠯᠠᠨ  ᠂ ᠵᠡᠮᠳᠡᠭᠴᠦᠳ ᠨᠦᠭᠦᠳ ᠨᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠬᠡᠷᠡᠯ ᠰᠠᠴᠤᠷᠠᠩᠭᠤᠢ ᠲᠡᠦᠬᠡᠨ ᠶᠠᠪᠤᠴᠠ᠂ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ  ᠤᠨ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠭᠰᠠᠨ ᠢ ᠮᠠᠭᠲᠠᠨ ᠲᠠᠭᠤᠯᠠᠵᠤ᠂ ᠵᠡᠮᠳᠡᠭᠴᠦᠳ ᠤᠨ ᠰᠣᠶᠣᠯ ᠤᠷᠠᠯᠢᠭ ᠤᠨ ᠰᠣᠯᠢᠯᠴᠠᠭ᠎ᠠ ᠶᠢ ᠠᠬᠢᠭᠤᠯᠵᠤ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠨᠡᠶᠢᠭᠡᠮ ᠤᠨ ᠬᠡᠪ ᠰᠤᠷᠲᠠᠯ  ᠢ ᠪᠠᠲᠠᠷᠠᠭᠤᠯᠵᠠᠢ᠃      ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠠᠩ ᠢᠦᠢ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᡁᠢ ᠭᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠡᠷᠬᠢᠯᠡᠭᠴᠢ ᠲᠠᠨ ᡁᠢ ᠵᠢᠶᠦ᠋ᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠪᠥᠬᠦ ᠺᠠᠳ᠋ᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠤᠯᠭ᠎ᠠ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠬᠡᠯᠳᠡᠰ ᠤᠨ ᠺᠠᠳ᠋ᠷᠴᠤᠳ᠂ ᠵᠡᠮᠳᠡᠭᠴᠦᠳ ᠤᠨ ᠤᠷᠠᠯᠢᠭ ᠤᠨ ᠪᠦᠲᠦᠭᠡᠯ  ᠤᠨ ᠵᠣᠬᠢᠶᠠᠭᠴᠢ ᠪᠠ ᠤᠷᠠᠯᠢᠭ ᠤᠨ ᠪᠠᠭ᠋ᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ  ᠃ ᠬᠤᠲᠠ ᠶᠢᠨ ᠵᠡᠮᠳᠡᠭᠴᠦᠳ ᠤᠨ ᠬᠤᠯᠪᠣᠭᠠᠨ ᠤ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠳ᠋ᠠᠶ ᠭᠤᠸᠠᠩ ᠴᠤᠤ ᠠᠵᠢᠯᠯᠠᠭ᠎ᠠ ᠶᠢ ᠡᠷᠭᠢᠯᠡᠪᠡ  ᠃
 
ᠢᠷᠡᠯᠲᠡ᠄ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号