ᠳᠠᠭᠤᠤ ᠬᠦᠭᠵᠢᠮᠲᠦ ᠵᠦᠴᠦᠭᠡ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠶᠢᠨ ᠶᠠᠷᠢᠯᠴᠠᠬᠤ ᠬᠤᠷᠠᠯ ᠢ ᠤᠯᠠᠭᠠᠨᠮᠥ᠋ᠴᠢᠷ ᠤᠨ ᠣᠷᠳᠣᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2021/9/15
   9 ᠳ᠋ᠣᠭᠡᠷ ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠣᠰᠣᠭᠠᠷ ᠳᠠᠭᠤᠤ ᠬᠥᠭᠵᠢᠮᠲᠦ ᠵᠦᠴᠦᠭᠡ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠶᠢ ᠰᠤᠳᠤᠯᠤᠨ ᠶᠠᠷᠢᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠶᠠᠷᠢᠯᠴᠠᠬᠤ ᠬᠤᠷᠠᠯ ᠳᠤ ᠣᠷᠣᠯᠴᠠᠪᠠ᠃                    
   ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠢᠩᠭᠠᠨ ᠠᠶᠢᠮᠠᠭ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠳᠣᠲᠣᠭᠠᠳᠤ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ 20 ᠭᠠᠷᠤᠶ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠰ ᠵᠦᠴᠦᠭᠡ ᠳᠤ ᠤᠷᠠᠯᠢᠭ ᠤᠨ ᠵᠢᠯᠣᠭᠤᠳᠣᠯᠭ᠎ᠠ ᠬᠢᠭᠰᠡᠨ ᠪᠠ ᠬᠢᠨᠠᠨ ᠬᠠᠷᠭᠤᠭᠤᠯᠬᠤ ᠠᠵᠢᠯ  ᠢ ᠬᠢᠪᠡ᠃ ᠲᠤᠰ ᠤᠳᠠᠭ᠎ᠠ ᠶᠢᠨ ᠶᠠᠷᠢᠯᠴᠠᠬᠤ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢᠨ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 2021 ᠣᠨ ᠤ 8 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠲᠤᠰ ᠵᠦᠴᠦᠭᠡ ᠶᠢ ᠤᠯᠠᠮ ᠴᠢᠨᠠᠭᠰᠢᠳᠠ ᠬᠢᠨᠠᠨ ᠬᠠᠷᠭᠤᠭᠤᠯᠵᠤ᠂ ᠰᠤᠳᠤᠯᠤᠨ ᠶᠠᠷᠢᠯᠴᠠᠬᠤ ᠪᠠᠷ ᠳᠠᠮᠵᠢᠨ ᠤᠯᠠᠨ ᠢᠶᠠᠷ  ᠢᠶᠠᠨ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠳᠠᠭᠤᠤ ᠬᠥᠭᠵᠢᠮᠲᠦ ᠵᠦᠴᠦᠭᠡ ᠶᠢᠨ ᠤᠳᠤᠷᠢᠳᠤᠮᠵᠢ ᠨᠢ ᠵᠥᠪ᠂ ᠲᠡᠦᠬᠡ ᠶᠢᠨ ᠪᠣᠳᠠᠲᠤ ᠪᠠᠶᠢᠳᠠᠯ ᠨᠢ ᠣᠨᠣᠪᠴᠢᠲᠠᠢ᠂ ᠤᠷᠠᠯᠢᠭ ᠤᠨ ᠨᠥᠯᠥᠭᠡᠯᠡᠬᠦ ᠬᠦᠴᠦᠨ ᠨᠡᠯᠢᠶᠡᠳ ᠴᠢᠩᠭ᠎ᠠ᠂ ᠤᠯᠠᠮ ᠴᠢᠨᠠᠭᠰᠢᠳᠠ ᠪᠤᠯᠪᠠᠰᠤᠷᠠᠭᠤᠯᠤᠨ ᠳᠡᠭᠡᠭᠰᠢᠯᠡᠭᠦᠯᠪᠡᠯ ᠬᠢᠩᠭᠠᠨ ᠠᠶᠢᠮᠠᠭ ᠤᠨ ᠦᠵᠡᠰᠬᠦᠯᠡᠩᠲᠦ ᠰᠠᠶᠢᠬᠠᠨ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠪᠣᠯᠬᠤ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号