ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠲᠠᠸᠠᠷ 2021 ᠤᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠬᠦᠷᠡᠯ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2021/9/15
    9 ᠳ᠋ᠣᠭᠡᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ 2021 ᠣᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠰᠧᠴᠤᠸᠠᠨ ᠤ ᠯᠧ ᠱᠠᠨ ᠬᠤᠲᠠ ᠶᠢᠨ ᠧ ᠮᠧᠶ ᠱᠠᠨ ᠬᠤᠲᠠ ᠳᠤ ᠶᠠᠪᠤᠭᠳᠠᠪᠠ  ᠃ ᠲᠤᠰᠬᠠᠶ ᠮᠡᠷᠭᠡᠵᠢᠯᠲᠡᠨ ᠤ ᠵᠥᠪᠯᠡᠯ ᠣᠷᠣᠨ ᠪᠦᠰᠡ ᠶᠢᠨ ᠴᠢᠨᠠᠷ᠂ ᠲᠥᠷᠥᠯ ᠲᠡᠮᠳᠡᠭ ᠤᠨ ᠴᠢᠨᠠᠷ᠂ ᠬᠡᠷᠡᠭᠯᠡᠭᠡᠨ ᠤ ᠴᠢᠨᠠᠷ᠂ ᠰᠢᠨ᠎ᠡ ᠶᠢ ᠡᠭᠦᠳᠬᠦ ᠴᠢᠨᠠᠷ᠂ ᠵᠠᠬ᠎ᠠ ᠳᠡᠯᠭᠡᠭᠦᠷ ᠤᠨ ᠴᠢᠨᠠᠷ᠂ ᠤᠷ᠎ᠠ ᠮᠡᠷᠭᠡᠰᠢᠯ ᠤᠨ ᠴᠢᠨᠠᠷ᠂ ᠵᠢᠱᠢᠶ᠎ᠡ ᠦᠵᠡᠭᠦᠯᠬᠦ ᠴᠢᠨᠠᠷ ᠵᠡᠷᠭᠡ ᠤᠷᠤᠯᠳᠤᠭᠠᠨ ᠤ ᠪᠠᠷᠢᠮᠵᠢᠶ᠎ᠠ ᠶᠢ ᠦᠨᠳᠦᠰᠦᠯᠡᠨ᠂ ᠠᠯᠲᠠ᠂ ᠮᠥᠩᠭᠦ᠂ ᠬᠦᠷᠡᠯ ᠱᠠᠩᠨᠠᠯ ᠰᠢᠯᠭᠠᠷᠠᠭᠤᠯᠪᠠ᠃ ᠰᠢᠯᠢ ᠶᠢᠨ ᠭᠤᠣᠯ ᠠᠶᠢᠮᠠᠭ ᠠᠴᠠ ᠰᠣᠩᠭᠤᠨ ᠬᠦᠷᠭᠡᠭᠰᠡᠨ ᠰᠢᠯᠢᠩᠬᠤᠲᠠ ᠶᠢᠨ ᠵᠦᠭᠡᠢ ᠶᠢᠨ ᠴᠡᠴᠡᠭᠲᠦ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠦᠭᠰᠡᠨ ︽ᠵᠦᠭᠡᠢ ᠶᠢᠨ ᠴᠡᠴᠡᠭᠲᠦ ᠰᠢᠷ᠎ᠠ ᠲᠤᠰᠤ︾ ᠨᠢ ᠪᠦᠬᠦ ᠤᠯᠤᠰ ᠤᠨ ᠤᠷᠤᠯᠳᠤᠭᠠᠨ ᠳᠤ ᠣᠷᠣᠯᠴᠠᠭᠰᠠᠨ ᠮᠠᠰᠢ ᠤᠯᠠᠨ ᠲᠠᠸᠠᠷ ᠤᠨ ᠳᠤᠮᠳᠠ ᠠᠴᠠ ᠴᠣᠯᠭᠤᠷᠠᠨ ᠭᠠᠷᠴᠤ᠂ ᠬᠦᠷᠡᠯ ᠱᠠᠩᠨᠠᠯ ᠬᠦᠷᠳᠡᠪᠡ᠃     ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠤᠯ ᠠᠶᠢᠮᠠᠭ ︽ᠰᠢᠯᠢ ᠶᠢᠨ ᠭᠤᠤᠯ ᠤᠨ ᠪᠢᠰᠢᠯᠠᠭ︾ ᠤᠨ ᠣᠯᠠᠨ ᠨᠡᠶᠢᠲᠡ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠵᠢᠴᠢ ︽ᠰᠢᠯᠢ ᠶᠢᠨ ᠭᠤᠤᠯ ᠤᠨ ᠰᠠᠭᠤᠭᠳᠠᠯ︾ ᠰᠣᠶᠣᠯ ᠤᠨ ᠡᠭᠦᠳᠦᠯᠲᠡ ᠶᠢᠨ ᠦᠶᠯᠡᠳᠬᠦᠨ ᠤ ᠵᠢᠭᠤᠯᠴᠢᠯᠠᠯ ᠤᠨ ᠲᠠᠸᠠᠷ ᠤᠨ ᠨᠠᠷᠠᠲᠤ ᠲᠡᠮᠳᠡᠭᠲᠦ ᠶᠢ ᠭᠤᠤᠯᠳᠠᠯᠭ᠎ᠠ  ᠲᠠᠢ ᠡᠭᠦᠳᠴᠦ᠂ ︽ᠵᠥᠬᠡᠶ ᠶᠢᠨ ᠴᠡᠴᠡᠭᠲᠦ ᠰᠢᠷ᠎ᠠ ᠲᠣᠰᠣ︾ ᠨᠢ ᠳᠤᠮᠳᠠᠳᠤ ᠤᠯᠤᠰ ᠤᠨ ᠣᠨᠴᠠᠯᠢᠭ ᠪᠥᠬᠦᠶ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠬᠦᠷᠡᠯ ᠱᠠᠩᠨᠠᠯ ᠢ ᠭᠥᠷᠳᠡᠪᠡ᠂ ᠡᠨᠡ ᠪᠣᠯ ᠤᠯᠠᠮᠵᠢᠯᠠᠯᠲᠤ ᠴᠠᠭᠠᠨ ᠢᠳᠡᠭᠡᠨ ᠪᠣᠯᠪᠠᠰᠤᠷᠠᠭᠤᠯᠬᠤ ᠪᠠ ᠵᠢᠭᠤᠯᠴᠢᠯᠠᠯ ᠤᠨ ᠦᠶᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠤ ᠦᠷ᠎ᠡ ᠪᠦᠲᠦᠭᠡᠯ ᠮᠥᠨ ᠪᠦᠭᠡᠳ ᠪᠠᠰᠠ ᠴᠤ ᠨᠢᠭᠡ ᠵᠦᠶᠯ ᠤᠨ ᠨᠤᠲᠠᠯᠠᠯᠲᠠ ᠮᠥᠨ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号