ᠣᠷᠳᠣᠰ ᠬᠤᠲᠠ 《 ᠠᠷᠪᠠᠨ ᠰᠢᠯᠢᠳᠡᠭ  ᠵᠢᠭᠤᠯᠴᠢᠯᠠᠯ ᠤᠨ ᠪᠣᠯᠪᠠᠰᠤᠨ ᠬᠥᠲᠥᠴᠢ ᠦᠵᠡᠮᠵᠢ ᠶᠢᠨ ᠣᠷᠣᠨ ᠳᠤ ᠣᠷᠣᠬᠤ 》 ᠪᠣᠯᠪᠠᠰᠤᠨ ᠲᠠᠨ ᠲᠠᠢ ᠬᠠᠮᠲᠤ  ᠪᠠᠶᠢᠬᠤ ᠪᠣᠯᠪᠠᠰᠤᠷᠠᠯ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/16
     9 ᠳ᠋ᠤᠭᠡᠷ ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠣᠷᠳᠣᠰ ᠬᠤᠲᠠ ᠶᠢᠨ《 ᠠᠷᠪᠠᠨ ᠰᠢᠯᠢᠳᠡᠭ  ᠵᠢᠭᠤᠯᠴᠢᠯᠠᠯ  ᠤᠨ ᠪᠣᠯᠪᠠᠰᠤᠨ ᠬᠥᠲᠥᠴᠢ ᠦᠵᠡᠮᠵᠢ ᠶᠢᠨ ᠣᠷᠣᠨ ᠳᠤ ᠣᠷᠣᠬᠤ 》 ᠪᠣᠯᠪᠠᠰᠤᠨ ᠲᠠᠨ ᠲᠠᠢ ᠬᠠᠮᠲᠤ  ᠪᠠᠶᠢᠬᠤ ᠰᠢᠷᠢᠰ ᠪᠣᠯᠪᠠᠰᠤᠷᠠᠯ ᠳᠠᠯᠠᠳ ᠬᠤᠰᠢᠭᠤᠨ ᠤ ᠸᠠᠨ ᠲᠦᠩ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠢᠴᠢᠶᠡᠯ ᠡᠬᠢᠯᠡᠪᠡ  ᠃  ᠲᠤᠰ ᠪᠤᠯᠪᠠᠰᠤᠷᠠᠯ ᠤᠨ ᠠᠵᠢᠯᠯᠠᠭ᠎ᠠ ᠶᠢ ᠳᠥᠷᠪᠡᠨ ᠬᠤᠭᠤᠴᠠᠭ᠎ᠠ ᠵᠣᠬᠢᠶᠠᠨ ᠪᠠᠶᠢᠭᠤᠯᠵᠤ ᠡᠷᠭᠢᠯᠡᠬᠦ ᠪᠠᠷ ᠲᠥᠯᠥᠪᠯᠡᠵᠦ᠂ ᠵᠠᠯᠭᠠᠭᠠᠳ ᠳ᠋ᠦᠩᠱᠧᠩ ᠲᠣᠭᠤᠷᠢᠭ᠂ ᠦᠦᠰᠢᠨ ᠬᠤᠰᠢᠭᠤ᠂ ᠣᠲᠤᠭ ᠤᠨ ᠡᠮᠦᠨᠡᠲᠦ ᠬᠤᠰᠢᠭᠤᠨ ᠳᠤ ᠲᠣᠰ ᠲᠣᠰ ᠶᠠᠪᠤᠭᠳᠠᠭᠤᠯᠬᠤ ᠪᠠᠷ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠣᠷᠳᠣᠰ ᠬᠤᠲᠠ ᠶᠢᠨ ᠶᠠᠰᠤ ᠴᠢᠨᠠᠷ ᠢᠶᠠᠷ ᠬᠤᠲᠠ  ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ《 ᠶᠠᠰᠤ ᠴᠢᠨᠠᠷ ᠤᠨ ᠰᠠᠷ᠎ᠠ 》 ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠲᠠ  ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠲᠠ ᠶᠢᠨ ᠵᠢᠭᠤᠯᠴᠢᠯᠠᠯ ᠤᠨ ᠠᠵᠢᠯ ᠡᠷᠭᠢᠯᠡᠭᠰᠡᠳ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠶ  ᠃     ᠪᠤᠯᠪᠠᠰᠤᠷᠠᠯ ᠳᠤ ᠣᠷᠣᠯᠴᠠᠭᠰᠠᠳ ᠲᠤ ᠪᠥᠬᠦ ᠬᠤᠲᠠ ᠶᠢᠨ ᠨᠢᠭᠡᠳᠦᠭᠡᠷ ᠹᠷᠣᠨᠲ ᠤᠨ ᠵᠢᠭᠤᠯᠴᠢᠯᠠᠯ ᠤᠨ ᠬᠥᠲᠥᠴᠢ᠂ ᠦᠵᠡᠮᠵᠢ ᠶᠢᠨ ᠣᠷᠣᠨ ᠤ ᠲᠠᠶᠢᠯᠪᠤᠷᠢᠯᠠᠭᠴᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠢᠯᠲᠠᠨ ᠵᠢᠴᠢ ᠬᠤᠰᠢᠭᠤ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠭᠤᠤᠯᠯᠠᠭᠴᠢ ᠬᠦᠴᠦᠨ ᠵᠡᠷᠭᠡ 70 ᠭᠠᠷᠤᠶ ᠬᠥᠮᠦᠨ ᠪᠣᠶ᠃ ᠪᠥᠬᠦ ᠤᠯᠤᠰ ᠤᠨ ᠵᠢᠭᠤᠯᠴᠢᠯᠠᠯ ᠤᠨ ᠰᠤᠷᠭᠠᠨ ᠬᠥᠮᠦᠵᠢᠯ ᠤᠨ ᠭᠠᠷᠮᠠᠭᠠᠶ ᠵᠠᠯᠠᠭᠤ ᠪᠠᠭᠰᠢ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠᠩ ᠬᠠᠶ ᠲᠤᠤ ᠪᠠᠭᠰᠢ ᠬᠢᠴᠢᠶᠡᠯᠯᠡᠵᠦ᠂ ᠵᠢᠷᠭᠤᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠤᠷᠤᠯᠳᠤᠭᠠᠨ ᠤ ᠠᠯᠲᠠᠨ ᠮᠧᠳᠠᠯ  ᠪᠠ ᠮᠥᠩᠭᠦᠨ ᠮᠧᠳᠠᠯ ᠤᠨ ᠬᠦᠷᠲᠡᠭᠴᠢ ᠸᠠᠩ ᠰᠢᠶᠤᠤ ᠹᠸᠢ᠂ ᠵᠠᠩ ᠫᠧᠩ ᠹᠸᠢ ᠵᠢᠭᠤᠯᠴᠢᠯᠠᠯ ᠤᠨ ᠬᠥᠲᠥᠴᠢ ᠶᠢᠨ ᠠᠵᠢᠯ ᠤᠨ ᠣᠯᠤᠯᠲᠠ ᠲᠥᠷᠥᠭᠳᠡᠯ ᠢᠶᠠᠨ ᠣᠯᠠᠨ ᠲᠠᠢ ᠬᠤᠪᠢᠶᠠᠯᠴᠠᠵᠤ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠲᠤᠰᠬᠠᠶ ᠮᠡᠷᠭᠡᠵᠢᠯ ᠤᠨ ᠮᠡᠳᠡᠯᠭᠡ  ᠶᠢ ᠨᠢ ᠨᠥᠭᠡᠴᠡᠯᠡᠵᠦ᠂ ᠦᠶᠯᠡᠳᠦᠯᠭᠡ ᠶᠢᠨ ᠲᠤᠷᠰᠢᠯᠭ᠎ᠠ ᠶᠢ ᠨᠢ ᠬᠤᠷᠠᠮᠳᠤᠭᠤᠯᠤᠨ᠂ ᠠᠵᠢᠯ ᠮᠡᠷᠭᠡᠵᠢᠯ ᠤᠨ ᠰᠠᠭᠤᠷᠢ  ᠶᠢ ᠨᠢ ᠲᠠᠯᠪᠢᠵᠤ ᠥᠭᠪᠡ  ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号