ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠠᠷᠠᠰᠤᠨ ᠤᠷᠠᠯᠠᠯ ( ᠠᠷᠠᠰᠤᠨ ᠰᠡᠶᠢᠯᠦᠮᠡᠯ ) ᠤᠨ ᠲᠥᠷᠥᠯ ᠵᠦᠶᠯ ᠤᠨ ᠤᠯᠠᠮᠵᠢᠯᠠᠨ ᠵᠠᠯᠭᠠᠮᠵᠢᠯᠠᠭᠴᠢᠳ  ᠤᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠠᠩᠭᠢ ᠤᠷᠠᠳ ᠤᠨ ᠳᠤᠮᠳᠠᠳᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2021/9/16
     ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢᠳ ᠤᠨ ᠣᠲᠣ ᠦᠶ᠎ᠡ ᠶᠢᠨ ᠦᠶᠯᠡᠳᠦᠯᠭᠡ ᠶᠢᠨ ᠬᠢᠷᠢ ᠲᠦᠪᠰᠢᠨ ᠪᠠ ᠤᠯᠠᠮᠵᠢᠯᠠᠨ ᠵᠠᠯᠭᠠᠮᠵᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠣᠲᠣ ᠦᠶ᠎ᠡ ᠶᠢᠨ ᠠᠮᠢᠳᠤᠷᠠᠯ ᠳᠤ ᠠᠭᠤᠰᠤᠨ ᠣᠷᠣᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 13 ᠤ ᠡᠳᠦᠷ᠂   ᠪᠠᠶᠠᠨᠨᠠᠭᠤᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠤᠤᠯᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠤᠷᠠᠯᠢᠭ ᠤᠨ ᠰᠤᠷᠭᠠᠭᠤᠯᠢ᠂ ᠪᠠᠶᠠᠨᠨᠠᠭᠤᠷ ᠬᠤᠲᠠ ᠶᠢᠨ ᠰᠣᠶᠣᠯ ᠤᠨ ᠣᠷᠳᠣᠨ ( ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ )᠂ ᠤᠷᠠᠳ ᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠲᠤᠷᠠᠨ ᠳᠠᠭᠠᠭᠠᠴᠢᠯᠠᠨ ᠡᠷᠭᠢᠯᠡᠭᠰᠡᠨ ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠠᠷᠠᠰᠤᠨ ᠤᠷᠠᠯᠠᠯ ( ᠠᠷᠠᠰᠤᠨ ᠰᠡᠶᠢᠯᠦᠮᠡᠯ ) ᠤᠨ ᠲᠥᠷᠥᠯ ᠵᠦᠶᠯ ᠤᠨ ᠤᠯᠠᠮᠵᠢᠯᠠᠨ ᠵᠠᠯᠭᠠᠮᠵᠢᠯᠠᠭᠴᠢᠳ ᠤᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠠᠩᠭᠢ ᠤᠷᠠᠳ ᠤᠨ ᠳᠤᠮᠳᠠᠳᠤ ᠬᠤᠰᠢᠭᠤᠨ ᠤ ᠵᠦᠸᠧ ᠶᠤᠸᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃ ᠬᠤᠲᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠰᠤᠨ ᠰᠡᠶᠢᠯᠦᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ᠂ ᠠᠷᠠᠳ ᠤᠨ ᠭᠠᠷ ᠤᠷᠠᠯᠢᠭᠴᠢᠨ ᠵᠡᠷᠭᠡ 50 ᠭᠠᠷᠤᠶ ᠬᠥᠮᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ  ᠃       ᠲᠣᠰ ᠤᠳᠠᠭᠠᠨ ᠤ ᠪᠤᠯᠪᠠᠰᠤᠷᠠᠯ ᠨᠢ 14 ᠡᠳᠦᠷ ᠶᠠᠪᠤᠭᠳᠠᠬᠤ ᠪᠠᠷ ᠪᠠᠶᠢᠨ᠎ᠠ᠃ ᠪᠤᠯᠪᠠᠰᠤᠷᠠᠯ ᠤᠨ ᠠᠭᠤᠯᠭ᠎ᠠ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ᠂ ᠠᠷᠠᠰᠤ ᠰᠢᠷᠢ ᠶᠢᠨ ᠤᠷᠠᠯᠢᠭ᠂ ᠠᠷᠠᠰᠤ  ᠰᠡᠶᠢᠯᠦᠮᠡᠯ  ᠤᠨ ᠪᠠᠭᠠᠵᠢ ᠶᠢ ᠬᠡᠷᠬᠢᠨ ᠬᠡᠷᠡᠭᠯᠡᠬᠦ  ᠂  ᠰᠡᠶᠢᠯᠦᠮᠡᠯ  ᠤᠨ ᠬᠢᠲᠤᠭ᠎ᠠ  ᠶᠢᠨ ᠠᠵᠢᠯᠯᠠᠭ᠎ᠠ᠂ ᠵᠦᠰᠦᠬᠦ ᠤᠷᠤᠮ᠂ ᠤᠶᠤᠳᠠᠯ ᠤᠨ ᠤᠳᠠᠰᠤ᠂ ᠬᠥᠪᠡᠭᠡ ᠪᠢᠲᠡᠭᠦᠮᠵᠢᠯᠡᠬᠦ ᠤᠷ᠎ᠠ ᠮᠡᠷᠭᠡᠵᠢᠯ ᠤᠨ ᠰᠠᠭᠤᠷᠢ ᠪᠣᠯᠪᠠᠰᠤᠷᠠᠯ᠂ ᠠᠷᠠᠰᠤᠨ ᠰᠡᠶᠢᠯᠦᠮᠡᠯ  ᠤᠨ ᠤᠷ᠎ᠠ ᠮᠡᠷᠭᠡᠵᠢᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠢᠴᠢ ᠠᠵᠤ ᠦᠶᠯᠡᠰ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠪᠠᠶᠢᠳᠠᠯ ᠵᠡᠷᠭᠡ ᠪᠠᠶᠢᠵᠤ᠂ ᠪᠥᠬᠦ ᠰᠤᠷᠤᠯᠭᠠᠲᠠᠨ ᠢ ᠵᠣᠬᠢᠶᠠᠨ ᠪᠠᠶᠢᠭᠤᠯᠵᠤ ᠠᠬᠤᠶ ᠲᠠᠯᠠᠪᠠᠶ ᠶᠢᠨ ᠸᠢᠳᠢᠣ᠋ ᠵᠣᠬᠢᠶᠠᠵᠤ᠂  ᠲᠢᠭ ᠲᠤᠭ ᠢᠶᠠᠷ ᠰᠢᠭᠤᠳ ᠨᠡᠪᠲᠡᠷᠡᠭᠦᠯᠬᠦ ᠵᠢᠴᠢ ᠰᠣᠯᠢᠯᠴᠠᠵᠤ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠥᠷᠨᠢᠭᠦᠯᠦᠨ᠎ᠡ᠃      ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ《 ᠶᠡᠷᠦᠩᠬᠡᠶᠢᠯᠡᠭᠰᠡᠨ ᠮᠡᠳᠡᠯᠭᠡ ᠶᠢᠨ ᠬᠢᠴᠢᠶᠡᠯ + ᠲᠤᠰᠬᠠᠶ ᠮᠡᠷᠭᠡᠵᠢᠯ ᠤᠨ ᠬᠢᠴᠢᠶᠡᠯ + ᠪᠣᠳᠠᠲᠠᠶ ᠦᠢᠯᠡᠳᠦᠯᠭᠡ  ᠶᠢᠨ ᠬᠢᠴᠢᠶᠡᠯ 》 ᠤᠨ ᠰᠢᠰᠲ᠋ᠧᠮᠲᠦ ᠵᠢᠭᠠᠨ ᠰᠤᠷᠭᠠᠯᠲᠠ ᠶᠢᠨ ᠬᠡᠯᠪᠡᠷᠢ ᠶᠢ ᠠᠪᠴᠤ᠂ ᠤᠯᠠᠮᠵᠢᠯᠠᠨ ᠵᠠᠯᠭᠠᠮᠵᠢᠯᠠᠭᠴᠢ ᠪᠠ ᠠᠷᠠᠳ ᠤᠨ ᠤᠷᠠᠯᠢᠭᠴᠢᠨ ᠳᠤ ᠠᠷᠠᠰᠤᠨ ᠰᠡᠶᠢᠯᠦᠮᠡᠯ ᠤᠨ ᠭᠠᠷ ᠤᠷᠠᠯᠠᠯ ᠤᠨ ᠠᠷᠭ᠎ᠠ ᠶᠢ ᠪᠥᠬᠦ ᠲᠠᠯ᠎ᠠ ᠪᠠᠷ ᠡᠵᠡᠮᠰᠢᠭᠦᠯᠵᠦ᠂  ᠰᠤᠷᠤᠯᠭᠠᠲᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠨᠡᠮᠡᠭᠳᠡᠭᠦᠯᠦᠨ᠂ ᠤᠯᠠᠮᠵᠢᠯᠠᠨ ᠵᠠᠯᠭᠠᠮᠵᠢᠯᠠᠭᠴᠢ ᠶᠢᠨ ᠤᠷᠠᠯᠢᠭ ᠤᠨ ᠣᠨᠣᠯ ᠤᠨ ᠬᠡᠪ ᠪᠣᠯᠪᠠᠰᠤᠷᠠᠯ ᠢ ᠴᠢᠩᠭᠠᠳᠬᠠᠵᠤ᠂ ᠬᠤᠶᠢᠰᠢᠳᠠ ᠶᠢᠨ ᠠᠵᠢᠯ ᠮᠡᠷᠭᠡᠵᠢᠯ ᠤᠨ ᠬᠥᠭᠵᠢᠯᠲᠡ  ᠳᠤ ᠰᠠᠭᠤᠷᠢ ᠶᠢ ᠨᠢ ᠪᠠᠬᠢᠵᠢᠭᠦᠯᠦᠨ᠂ ᠠᠷᠠᠰᠤᠨ ᠰᠡᠶᠢᠯᠦᠮᠡᠯ   ᠤᠨ ᠠᠵᠤ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠮᠠᠯᠴᠢᠨ ᠲᠠᠷᠢᠶᠠᠴᠢᠨ ᠤ ᠠᠳᠠᠯ ᠦᠶᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号