ᠦᠬᠠᠶ ᠶᠢᠨ ᠤᠯᠠᠭᠠᠨᠮᠥ᠋ᠴᠢᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠮᠠᠭᠲᠠᠨ ᠳᠠᠭᠤᠯᠠᠪᠠ
ᠨᠡᠶᠢᠲᠡᠯᠡᠭᠰᠡᠨ ᠴᠠᠭ᠄
2021/9/16
     9 ᠳ᠋ᠦ᠋ᠭᠡᠷ ᠰᠠᠷ᠎ᠠ ᠶᠢᠨ 10 ᠤ ᠡᠳᠦᠷ᠂ ᠦᠬᠠᠶ ᠶᠢᠨ ᠤᠯᠠᠭᠠᠨᠮᠥ᠋ᠴᠢᠷ ᠤᠳᠠ ᠶᠢᠨ ᠲᠣᠬᠤᠶ ᠲᠣᠭᠤᠷᠢᠭ ᠤᠨ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠲᠤ ᠬᠦᠷᠦᠭᠡᠳ ︽ᠦᠨᠳᠦᠰᠦᠲᠡᠨ ᠨᠦᠭᠦᠳ ᠤᠨ ᠥᠬᠢᠳ ᠬᠥᠪᠡᠭᠦᠳ ᠡᠪ ᠬᠠᠮᠲᠤ ᠨᠠᠮ ᠢᠶᠠᠨ ᠳᠡᠭᠠᠨ᠎ᠠ   ᠰᠢᠨ᠎ᠡ ᠠᠶᠠᠨ  ᠵᠠᠮ ᠳᠤ ᠪᠠᠨ ᠪᠦᠯᠬᠦᠮᠳᠡᠵᠦ ᠡᠷᠡᠯᠬᠡᠭ ᠢᠶᠠᠷ ᠤᠷᠤᠭᠰᠢᠯᠠᠨ᠎ᠠ︾ ᠭᠤᠤᠯ ᠰᠡᠳᠦᠪᠲᠦ ᠰᠣᠶᠣᠯ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠳᠬ᠎ᠠ ᠤᠷᠠᠯᠢᠭ ᠤᠨ ᠦᠪᠡᠳᠡᠭᠰᠢ ᠨᠠᠶᠢᠷ ᠢ ᠬᠦᠷᠭᠡᠪᠡ᠃
     ᠳᠠᠭᠤᠤ ︽ᠵᠦᠭ ᠵᠦᠭ ᠠᠴᠠ ᠳᠤᠮᠳᠠᠳᠤ ᠪᠠᠨ ᠳᠠᠭᠤᠯᠠᠵᠠᠭᠠᠨ᠎ᠠ︾᠂ ︽ᠦᠨᠳᠦᠰᠦᠲᠡᠨ ᠨᠦᠭᠦᠳ ᠤᠨ ᠥᠬᠢᠳ ᠬᠥᠪᠡᠭᠦᠳ ᠡᠪ ᠬᠠᠮᠲᠤ ᠨᠠᠮ ᠢᠶᠠᠨ ᠳᠡᠭᠠᠨ᠎ᠠ  ︾᠂  ︽ᠰᠢᠨ᠎ᠡ ᠠᠶᠠᠨ︾᠂ ᠪᠥᠵᠢᠭ ︽ᠬᠦᠬᠡ ᠰᠠᠯᠬᠢ︾ ᠂ ᠤᠷᠠᠨ ᠤᠩᠰᠢᠯᠭ᠎ᠠ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠢᠶᠠᠨ ᠨᠢᠭᠡᠳᠭᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ︾ ᠵᠡᠷᠭᠡ ᠭᠤᠴᠣ ᠰᠠᠶᠢᠬᠠᠨ ᠲᠣᠭᠯᠠᠯᠲᠠ  ᠪᠠᠷ ᠡᠬᠡ ᠤᠯᠤᠰ ᠢᠶᠠᠨ ᠮᠠᠭᠲᠠᠨ ᠤᠶᠠᠩᠭᠠᠯᠠᠵᠤ᠂ ᠠᠮᠢᠳᠤᠷᠠᠯ ᠢᠶᠠᠨ ᠬᠠᠶᠢᠷᠠᠯᠠᠵᠤ ᠪᠠᠶᠢᠬᠤ ᠪᠠᠨ ᠢᠯᠡᠳᠭᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠣᠯᠤᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠨ᠂ ᠦᠵᠡᠭᠴᠢᠳ ᠤᠨ ᠪᠠᠭ᠋ᠠᠷᠬᠠᠯ ᠢ ᠣᠯᠵᠠᠢ᠃
     ᠦᠬᠠᠶ ᠶᠢᠨ ᠤᠯᠠᠭᠠᠨᠮᠥ᠋ᠴᠢᠷ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠵᠣᠬᠢᠶᠠᠨ ᠪᠦᠲᠦᠭᠡᠬᠦ ᠳᠤ ᠪᠠᠨ ᠣᠯᠠᠨ ᠲᠦᠮᠡᠨ ᠲᠠᠢ ᠣᠶᠢᠷᠠᠳᠴᠤ᠂ ᠲᠣᠭᠯᠠᠯᠲᠠ ᠭᠠᠷᠭᠠᠬᠤ ᠳᠤ ᠪᠠᠨ ᠣᠯᠠᠨ ᠲᠦᠮᠡᠨ ᠤ ᠳᠤᠮᠳᠠ ᠭᠦᠨᠵᠡᠭᠡᠶᠢᠷᠡᠳᠡᠭ᠃ ᠬᠡᠳᠦᠨ ᠡᠳᠦᠷ ᠤᠨ ᠲᠤᠷᠰᠢ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪ ᠤᠨ ᠲᠣᠭᠤᠷᠢᠨ ᠳᠤ᠂ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠬᠠᠷᠢᠭᠤᠴᠠᠯᠭ᠎ᠠ ᠪᠠ ᠡᠭᠦᠷᠭᠡᠯᠡᠯ ᠢ ᠨᠠᠷᠢᠨ ᠬᠢᠨᠠᠮᠠᠭᠠᠶ  ᠦᠢᠯᠡᠳᠦᠯᠭᠡᠵᠢᠭᠦᠯᠳᠡᠭ ᠢᠶᠠᠷ ᠢᠶᠠᠨ ᠲᠣᠭᠯᠠᠯᠲᠠ ᠨᠢ ᠦᠬᠠᠶ ᠬᠤᠲᠠ ᠶᠢᠨ ᠭᠤᠷᠪᠠᠨ ᠲᠣᠭᠤᠷᠢᠭ ᠲᠤ ᠲᠠᠷᠬᠠᠵᠤ᠂ ᠨᠠᠮ ᠤᠨ ᠲᠥᠷᠥ ᠶᠢᠨ ᠪᠣᠳᠣᠯᠭ᠎ᠠ᠂ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠤᠯᠠᠮᠵᠢᠯᠠᠨ᠂ ᠥᠷᠭᠡᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠳᠤ ᠦᠶᠯᠡᠴᠢᠯᠡᠬᠦ  ︽ᠡᠴᠦᠰ ᠤᠨ ᠨᠢᠭᠡ ᠺᠢᠯᠣᠮᠧᠲᠷ︾ ᠢ ᠰᠢᠯᠤᠭᠤᠳᠬᠠᠪᠠ᠃
 
ᠢᠷᠡᠯᠲᠡ᠄ ᠦᠬᠠᠶ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号